| | 9 ᠰᠠᠷ᠎ᠠ ᠶᠢᠨ 13 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠩ ᠰᠠᠨ ᠱᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2023 | ᠣᠨ ᠤ 25 ᠳ᠋ᠤᠭᠠᠷ ᠤᠳᠠᠭᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ | ᠣᠶᠢᠷ᠎ᠠ ᠶᠢᠨ ᠬᠤᠭᠤᠴᠠᠭᠠᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠬᠠᠮᠢᠶ᠎ᠠ ᠪᠥᠬᠦᠶ ᠲᠦᠷᠢᠮ ᠢ ᠰᠤᠳᠤᠯᠤᠨ ᠬᠢᠨᠠᠨ ᠵᠥᠪᠯᠡᠪᠡ᠃ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠷᠠᠯ ᠳᠤ ᠣᠷᠣᠯᠴᠠᠵᠤ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠰᠤᠯᠠ ᠣᠷᠣᠯᠴᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ | ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠨᠠᠶᠢᠳᠠᠪᠤᠷᠢᠵᠢᠭᠤᠯᠵᠤ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ | ᠬᠥᠮᠦᠵᠢᠯ ᠤᠨ ᠭᠦᠨᠵᠡᠭᠡᠶ ᠯᠠᠪᠳᠠᠭᠤᠨ ᠪᠠᠲᠤᠲᠠᠶ ᠥᠷᠨᠢᠬᠦ ᠶᠢ ᠴᠢᠨᠠᠷ ᠰᠠᠶᠢᠲᠠᠶ ᠠᠬᠢᠭᠤᠯᠬᠤ ᠬᠡᠷᠡᠭᠲᠡᠶ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ | ᠭᠤᠣᠯ ᠰᠢᠵᠢᠮ ᠤᠨ ᠲᠣᠭᠤᠷᠢᠨ ᠳᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠪᠣᠭᠤᠮᠲᠠ ᠶᠢᠨ ᠡᠬᠢ | ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠪᠣᠳᠠᠰ ᠤᠨ ᠪᠣᠯᠪᠠᠰᠤᠨ ᠪᠣᠯᠤᠨ ᠤᠶᠤᠨ ᠤ | ᠪᠣᠯᠪᠠᠰᠤᠨ ᠢ ᠲᠦᠷᠭᠡᠨ ᠪᠠᠶᠢᠭᠤᠯᠵᠤ᠂ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ᠂ ᠪᠦᠬᠦ ᠣᠷᠣᠨ ᠤ ︽ᠰᠢᠨ᠎ᠡ ᠵᠠᠮ ᠢ ᠨᠡᠭᠡᠭᠡᠬᠦ᠂ ᠳᠣᠮᠳᠠ ᠤᠷᠤᠰᠬᠠᠯ ᠳᠤ ᠣᠷᠣᠬᠤ | ︾ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠬᠤᠲᠠ ᠶᠢᠨ ᠱᠠᠲᠤᠨ ᠤ ᠤᠳᠤᠷᠢᠳᠤᠯᠭ᠎ᠠ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠲᠥᠰᠦᠯ ᠶᠣᠰᠣᠭᠠᠷ ᠭᠦᠨᠵᠡᠭᠡᠶ ᠰᠤᠳᠤᠯᠵᠤ᠂ ᠰᠢᠢᠳᠪᠣᠷᠢᠯᠡᠬᠦ ᠶᠢ | ᠠᠬᠢᠭᠤᠯᠵᠤ᠂ ᠲᠣᠭᠤᠷᠢᠨ ᠪᠠᠶᠢᠴᠠᠭᠠᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠲᠣᠭᠤᠷᠢᠨ | ᠪᠠᠶᠢᠴᠠᠭᠠᠬᠤ ᠪᠠᠷ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠲᠣᠭᠤᠷᠢᠨ ᠪᠠᠶᠢᠴᠠᠭᠠᠬᠤ ᠪᠠᠷ ᠵᠠᠰᠠᠬᠤ ᠶᠢ | ᠠᠬᠢᠭᠤᠯᠬᠤ ᠶᠢ ᠪᠠᠷᠢᠮᠲᠠᠯᠠᠵᠤ᠂ ᠵᠣᠷᠢᠭᠲᠠᠶ ᠪᠠᠷ ᠦᠨᠡᠨ ᠪᠣᠳᠠᠲᠠᠶ ᠬᠢᠵᠦ ᠬᠠᠲᠠᠭᠤ ᠲᠠᠢ ᠨᠢ ᠬᠠᠯᠳᠠᠵᠤ᠂ ᠲᠣᠭᠲᠠᠭᠰᠠᠨ | ᠴᠠᠭ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠬᠢᠨᠠᠯᠲᠠ ᠲᠠᠯᠪᠢᠵᠤ ᠦᠷ᠎ᠡ | ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠶᠣᠰᠣ | ᠲᠦᠷᠢᠮ ᠢ ᠲᠡᠷᠢᠭᠦᠨ ᠳᠤ ᠲᠠᠯᠪᠢᠵᠤ᠂ ᠲᠦᠷᠢᠮ ᠢ ᠲᠡᠭᠦᠯᠳᠡᠷᠵᠢᠭᠦᠯᠵᠦ᠂ ᠨᠢᠭᠡ ᠠᠴᠠ ᠵᠦᠢᠴᠢᠯᠡᠵᠦ ᠨᠦᠬᠦᠭᠡ ᠶᠢ | ᠵᠦᠢᠴᠢᠯᠡᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ ᠠᠷᠠᠳ | ᠤᠯᠠᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ | ᠬᠤᠷᠠᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ | ᠲᠦᠷᠢᠮ ᠢ ᠬᠢᠨᠠᠨ ᠵᠥᠪᠯᠡᠵᠦ ᠪᠠᠲᠤᠯᠠᠭᠠᠳ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢᠨ | ᠠᠵᠢᠯᠯᠠᠭᠠᠨ ᠢ ᠳᠡᠮᠵᠢᠨ ᠵᠢᠷᠤᠮᠵᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |