ᠠᠷᠪᠠᠨ ᠳᠦᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠲᠠ ᠤᠷᠤᠭᠰᠢᠲᠠᠢ ᠳᠠᠭᠤᠰᠪᠠ
ᠨᠡᠶᠢᠲᠡᠯᠡᠭᠰᠡᠨ ᠴᠠᠭ᠄
2023/9/14
             ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ 4 ᠰᠠᠷ᠎ᠠ ᠶᠢᠨ 21 ᠤ ᠡᠳᠦᠷ ᠠᠴᠠ 6 ᠰᠠᠷ᠎ᠠ ᠶᠢᠨ 25 ᠤ ᠡᠳᠦᠷ ᠪᠣᠯᠲᠠᠯ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠳᠤ 3 ᠳᠣᠭᠤᠷᠢᠨ ᠪᠠᠶᠢᠴᠠᠭᠠᠬᠤ ᠳᠤᠭᠤᠶᠢᠯᠠᠩ ᠳᠣᠭᠢᠷᠠᠭᠤᠯᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ︽ᠳᠣᠰᠬᠠᠢ ᠵᠦᠢᠯ᠂ ᠲᠤᠰᠬᠠᠶ ᠵᠤᠷᠰᠢᠯ︾ ᠤᠨ ᠳᠣᠭᠤᠷᠢᠨ ᠪᠠᠶᠢᠴᠠᠭᠠᠯᠲᠠ ᠶᠢ ᠥᠷᠨᠢᠭᠦᠯᠵᠦ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠂ ᠲᠠᠷᠢᠶᠠᠯᠠᠩ ᠤᠰᠤᠨ ᠤ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠳᠤ ᠲᠤᠰᠬᠠᠶ ᠳᠣᠭᠤᠷᠢᠨ ᠪᠠᠶᠢᠴᠠᠭᠠᠯᠲᠠ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠥᠯᠭᠢᠨ ᠠᠬᠢᠭᠤᠯᠬᠤ ᠪᠠᠶᠢᠳᠠᠯ ᠤᠨ ᠲᠣᠭᠤᠷᠢᠨ ᠳᠤ ᠲᠠᠪᠤᠨ ᠭᠠᠴᠠᠭ᠎ᠠ ᠶᠢ ᠪᠠᠭᠳᠠᠭᠠᠪᠠ᠃    ᠲᠤᠭᠤᠷᠢᠨ ᠪᠠᠶᠢᠴᠠᠭᠠᠬᠤ ᠳᠤᠭᠤᠶᠢᠯᠠᠩ ᠵᠢᠭᠠᠵᠤ ᠭᠠᠷᠭᠠᠭᠰᠠᠨ ᠨᠢ᠂ ᠡᠯ᠎ᠡ ᠲᠤᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠲᠣᠭᠲᠠᠭᠠᠬᠤ︾ ᠲᠣᠭᠲᠠᠭᠠᠯ ᠶᠣᠰᠣᠭᠠᠷ᠂ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠵᠥᠪ ᠣᠨᠣᠪᠴᠢᠲᠠᠶ ᠭᠦᠢᠴᠡᠳᠭᠡᠬᠦ ᠬᠡᠷᠡᠭᠲᠡᠶ᠃ ᠭᠡᠪᠡᠴᠦ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠂ ᠪᠣᠳᠠᠲᠠᠶ ᠢᠯᠡᠷᠡᠯ ᠨᠢ᠄ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠬᠠᠮᠰᠠᠷ ᠴᠢᠩᠭ᠎ᠠ ᠪᠢᠰᠢ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠴᠢᠩᠭ᠎ᠠ ᠪᠢᠰᠢ᠂ ᠭᠠᠳᠠᠭᠠᠳᠤ ᠠᠷᠠᠯᠵᠢᠶᠠᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠶᠠᠪᠤᠳᠠᠯ ᠤᠳᠠᠭᠠᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠳᠤ ᠪᠠᠭᠤᠷᠠᠶ ᠲᠠᠯ᠎ᠠ ᠣᠷᠣᠰᠢᠵᠤ ᠪᠠᠶᠢᠬᠤ ᠵᠡᠷᠭᠡ ᠪᠣᠯᠤᠨ᠎ᠠ᠃ ᠡᠯ᠎ᠡ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠭᠤᠣᠯᠳᠠᠯᠭ᠎ᠠ ᠶᠢ ᠲᠤᠪᠤᠶᠢᠯᠭᠠᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠦᠨᠡᠨᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠤᠳᠤᠷᠢᠳᠬᠤ ᠪᠠᠭ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠢ ᠰᠤᠳᠤᠯᠵᠤ᠂ ᠠᠰᠠᠭᠤᠳᠠᠯ ᠤᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠲᠣᠭᠲᠠᠭᠠᠵᠤ᠂ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶ᠎ᠡ ᠪᠠᠷ ᠢᠶᠠᠨ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠦᠷ᠎ᠡ ᠪᠦᠲᠦᠮᠵᠢ ᠭᠠᠷᠭᠠᠵᠤ᠂ ᠪᠤᠰᠤᠳ ᠪᠠᠭ ᠤᠨ ᠪᠦᠷᠢᠯᠳᠦᠬᠦᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃    ᠲᠣᠭᠤᠷᠢᠨ ᠪᠠᠶᠢᠴᠠᠭᠠᠭᠳᠠᠵᠤ ᠪᠠᠶᠢᠭ᠎ᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠭᠤᠣᠯᠳᠠᠭᠤ ᠬᠥᠮᠦᠨ ᠪᠦᠷᠢ ᠳᠤ ᠳᠤᠮᠳᠠᠴᠢ ᠪᠠᠷ ᠬᠠᠷᠢᠭᠤᠴᠠᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠬᠦᠯᠢᠶᠡᠨ ᠠᠪᠴᠤ᠂ ᠨᠠᠷᠢᠨ ᠬᠢᠨᠠᠮᠠᠭᠠᠢ ᠬᠠᠷᠢᠭᠤᠴᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ᠂ ᠲᠣᠭᠤᠷᠢᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠵᠡᠷᠭᠡ ᠲᠦᠷᠪᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ ᠭᠡᠵᠦ ᠢᠯᠡᠳᠬᠡᠪᠡ᠃    ᠬᠠᠷᠢᠭᠤ ᠲᠤᠰᠬᠠᠬᠤ ᠬᠤᠷᠠᠯ ᠳᠤ ᠣᠷᠣᠯᠴᠠᠭᠰᠠᠨ ᠬᠤᠲᠠ ᠶᠢᠨ ᠱᠠᠲᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠠᠴᠠ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠶ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠭᠤᠷᠪᠠᠨ ᠲᠠᠯ᠎ᠠ ᠶᠢᠨ ᠱᠠᠭᠠᠷᠳᠠᠯᠭ᠎ᠠ ᠳᠤᠷᠠᠳᠬᠤ ᠬᠡᠷᠡᠭᠲᠡᠶ᠄ ᠨᠢᠭᠡ ᠳᠤ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠬᠤ ᠬᠡᠷᠡᠭᠲᠡᠶ︔ ᠬᠤᠶᠠᠷ ᠲᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ ᠭᠤᠷᠪᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃    ᠡᠯ᠎ᠡ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠬᠤᠲᠠ ᠶᠢᠨ ᠱᠠᠲᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠴᠢ ᠬᠤᠯᠪᠣᠭᠳᠠᠯ ᠪᠦᠬᠦᠢ ᠬᠥᠮᠦᠰ᠂ ᠡᠯ᠎ᠡ ᠴᠠᠭᠳᠠᠨ ᠪᠠᠶᠢᠴᠠᠭᠠᠭᠳᠠᠬᠤ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ᠂ ᠵᠠᠩᠭᠢᠯᠠᠭ᠎ᠠ ᠶᠢᠨ ᠺᠠᠳ᠋ᠷ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号