ᠮᠠᠨ ᠤ ᠬᠤᠲᠠ ᠭᠠᠳᠠᠭᠠᠳᠤ ᠶᠢᠨ ᠬᠥᠮᠥᠨ ᠤ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2023/9/14
     8 ᠰᠠᠷ᠎ᠠ ᠶᠢᠨ 16 ᠤ ᠡᠳᠦᠷ᠂ ᠮᠠᠨ ᠤ ᠬᠤᠲᠠ ᠭᠠᠳᠠᠭᠠᠳᠤ ᠶᠢᠨ ᠬᠥᠮᠥᠨ ᠤ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠬᠤᠷᠠᠯ ᠬᠤᠷᠠᠯᠳᠤᠭᠤᠯᠵᠤ᠂ ︽ᠭᠤᠷᠪᠠᠨ ᠵᠦᠢᠯ ᠤᠨ ᠬᠠᠣᠯᠢ ᠪᠤᠰᠤ︾ ᠭᠠᠳᠠᠭᠠᠳᠤ ᠶᠢᠨ ᠬᠥᠮᠥᠨ ᠢ  ᠴᠡᠭᠴᠡᠯᠡᠨ ᠪᠠᠶᠢᠴᠠᠭᠠᠵᠤ ᠴᠡᠭᠴᠡᠯᠡᠨ ᠵᠠᠰᠠᠬᠤ᠂ ᠭᠠᠳᠠᠭᠠᠳᠤ ᠳᠤ ᠬᠤᠯᠪᠣᠭᠳᠠᠬᠤ ᠠᠮᠤᠷ ᠲᠦᠪᠰᠢᠨ ᠤ ᠣᠷᠴᠢᠨ ᠨᠥᠬᠦᠴᠡᠯ ᠢ ᠬᠠᠮᠠᠭᠠᠯᠠᠬᠤ ᠵᠡᠷᠭᠡ ᠲᠠᠯ᠎ᠠ ᠪᠠᠷ ᠭᠤᠣᠯᠯᠠᠭᠤᠯᠤᠨ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃  ᠬᠤᠳᠠ ᠶᠢᠨ ᠳᠡᠳ᠋ ᠳᠠᠷᠤᠭ᠎ᠠ ᠰᠢᠯᠢᠨᠪᠠᠭᠠᠳᠣᠷ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ     ᠬᠤᠷᠠᠯ ᠠᠴᠠ᠂ ᠭᠠᠳᠠᠭᠠᠳᠤ ᠶᠢᠨ ᠬᠥᠮᠥᠨ ᠤ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠨᠢ ᠨᠡᠶᠢᠭᠡᠮ ᠤᠨ ᠥᠨᠢ ᠤᠳᠠᠭᠠᠨ ᠤ ᠲᠣᠭᠲᠠᠭᠤᠨ ᠪᠠᠶᠢᠳᠠᠯ ᠲᠠᠢ ᠬᠤᠯᠪᠣᠭᠳᠠᠵᠤ᠂ ᠪᠣᠭᠤᠮᠲᠠ ᠶᠢᠨ ᠨᠡᠭᠡᠭᠡᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠠᠳᠠᠭᠠᠳᠤ ᠳᠤ ᠬᠤᠯᠪᠣᠭᠳᠠᠬᠤ ᠬᠠᠮᠢᠶᠠᠷᠤᠯᠲᠠ ᠳᠤ ᠣᠷᠣᠰᠢᠵᠤ ᠪᠠᠶᠢᠭ᠎ᠠ ᠪᠠᠭᠤᠷᠠᠢ ᠭᠤᠭᠴᠤᠭ᠎ᠠ ᠳᠤ ᠴᠢᠭᠯᠡᠭᠦᠯᠦᠨ᠂ ᠠᠵᠢᠯ ᠤᠨ ᠠᠷᠭ᠎ᠠ ᠬᠡᠮᠵᠢᠶ᠎ᠡ ᠪᠠᠨ ᠦᠷᠭᠦᠯᠵᠢᠯᠡᠨ ᠴᠢᠩᠭᠠᠳᠬᠠᠵᠤ᠂ ᠬᠠᠮᠢᠶ᠎ᠠ ᠪᠦᠬᠦᠢ ᠠᠰᠠᠭᠤᠳᠠᠯ ᠢ ︽ᠡᠴᠦᠰ ᠲᠤᠨᠢ ᠲᠤᠯᠲᠠᠯ᠎ᠠ ᠰᠢᠢᠳᠪᠦᠷᠢᠯᠡᠬᠦ︾ ᠶᠢ ᠲᠦᠯᠬᠢᠨ ᠠᠬᠢᠭᠤᠯᠬᠤ ᠬᠡᠷᠡᠭᠲᠡᠢ᠃ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠲᠤᠰᠬᠠᠢ ᠬᠥᠮᠥᠨ ᠲᠤᠰᠬᠠᠢ ᠡᠷᠭᠢᠯᠡᠬᠦ᠂ ᠬᠠᠮᠲᠤᠷᠠᠨ ᠵᠠᠰᠠᠬᠤ ᠶᠢ ᠪᠠᠷᠢᠮᠲᠠᠯᠠᠨ᠂ ᠵᠢᠭᠰᠠᠭᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠲᠣᠰ ᠪᠡᠶ᠎ᠡ ᠶᠢᠨ ᠬᠢᠨᠠᠨ ᠬᠠᠮᠢᠶᠠᠷᠬᠤ ᠬᠡᠪᠴᠢᠶᠡᠨ ᠳᠤ ᠪᠠᠭᠲᠠᠬᠤ ᠦᠭᠡᠢ ᠠᠰᠠᠭᠤᠳᠠᠯ ᠢ ᠬᠤᠯᠪᠣᠭᠳᠠᠯ ᠪᠦᠬᠦᠢ ᠨᠢᠭᠡᠴᠡ ᠳᠤ ᠴᠠᠭ ᠲᠤᠬᠠᠢ ᠳᠤᠨᠢ ᠮᠡᠳᠡᠭᠳᠡᠵᠦ ᠰᠢᠯᠵᠢᠭᠦᠯᠦᠨ ᠬᠦᠷᠭᠡᠬᠦ ᠬᠡᠷᠡᠭᠲᠡᠢ᠃ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠪᠠᠶᠢᠩᠭᠤ ᠰᠠᠭᠤᠭ᠎ᠠ ᠭᠠᠳᠠᠭᠠᠳᠤ ᠶᠢᠨ ᠬᠥᠮᠥᠨ ᠤ ᠠᠮᠤᠷ ᠲᠦᠪᠰᠢᠨ ᠤ ᠬᠥᠮᠦᠵᠢᠯ ᠪᠣᠯᠣᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠢᠳᠡᠪᠬᠢᠲᠡᠢ ᠰᠠᠶᠢᠲᠤᠷ ᠬᠢᠵᠦ᠂ ᠲᠦᠷ ᠴᠠᠭ ᠰᠠᠭᠤᠭᠠᠯᠢ ᠠᠷᠠᠳ ᠤᠨ ᠭᠡᠷ ᠲᠤ ᠰᠠᠭᠤᠵᠤ ᠪᠠᠶᠢᠭ᠎ᠠ ᠭᠠᠳᠠᠭᠠᠳᠤ ᠶᠢᠨ ᠬᠥᠮᠥᠨ ᠪᠤᠶᠤ ᠡᠷᠦᠬᠡ ᠶᠢᠨ ᠡᠵᠡᠨ ᠢ ᠬᠥᠲᠥᠯᠥᠨ ᠵᠢᠯᠤᠭᠤᠳᠴᠤ᠂ ᠬᠠᠤᠯᠢ ᠶᠣᠰᠣᠭᠠᠷ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠰᠢᠰᠲ᠋ᠧᠮ ᠲᠠᠢ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠳᠤ ᠨᠠᠩ ᠰᠠᠶᠢᠨ ᠣᠶᠢᠯᠡᠴᠢᠯᠡᠬᠦ ᠶᠢ ᠪᠠᠲᠤᠯᠠᠨ᠎ᠠ᠃    ᠬᠤᠷᠠᠯ ᠠᠴᠠ ︽ᠭᠤᠷᠪᠠᠨ ᠵᠦᠢᠯ ᠤᠨ ᠬᠠᠣᠯᠢ ᠪᠤᠰᠤ︾ ᠭᠠᠳᠠᠭᠠᠳᠤ ᠶᠢᠨ ᠬᠥᠮᠥᠨ ᠢ ᠴᠡᠭᠴᠡᠯᠡᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢ ᠰᠣᠨᠣᠰᠤᠭᠰᠠᠨ ᠠᠴᠠ ᠨᠠᠰᠢᠬᠢ ᠡᠯ᠎ᠡ ᠨᠢᠭᠡᠴᠡ ᠶᠢᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号