| | 9 ᠰᠠᠷ᠎ᠠ ᠶᠢᠨ 13 ᠤ ᠡᠳᠤᠷ᠂ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠶᠠᠩ ᠶᠢᠨ ᠷᠦᠢ ᠬᠤᠸᠠ | ᠭᠤᠸᠠᠨ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ ᠢᠤᠢ ᠵᠢᠩ ᠴᠧᠨ᠂ ᠳᠣᠮᠳᠠᠳᠦ ᠣᠯᠣᠰ ᠤᠨ ᠳᠠᠷᠢᠶᠠᠯᠠᠩ` | ᠤᠨ ᠴᠦᠯᠯᠡᠷᠭᠡᠭᠵᠢᠯ ᠢ ᠵᠠᠰᠠᠬᠤ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠶᠡᠷᠦᠩᠭᠡᠢ ᠲᠠᠭᠠᠭᠠᠮᠠᠯ ᠯᠢᠤ ᠰᠢᠶᠤᠤ | ᠵᠢᠶᠧ ᠨᠠᠷ ᠲᠠᠢ ᠰᠠᠭᠤᠳᠠᠯ ᠤᠨ ᠬᠤᠷᠠᠯ ᠬᠢᠵᠤ᠂ ᠬᠤᠶᠠᠷ ᠲᠠᠯ᠎ᠠ ᠪᠠᠷ ᠢᠶᠠᠨ ᠭᠠᠳᠠᠭᠠᠳᠤ ᠠᠷᠠᠯᠵᠢᠶ᠎ᠠ᠂ ᠠᠮᠢ ᠠᠬᠤᠢ | ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠲᠠᠯ᠎ᠠ ᠪᠠᠷ ᠰᠠᠨᠠᠯ ᠢᠶᠠᠨ ᠬᠦᠨᠵᠡᠭᠡᠢ ᠰᠤᠯᠢᠯᠴᠠᠪᠠ᠃ | ᠶᠠᠩ ᠶᠢᠨ ᠷᠦᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠠᠵᠤ | ᠠᠬᠤᠶᠢᠯᠠᠯᠲᠠᠨ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ | ᠡᠷᠢᠶᠡᠨ ᠬᠤᠳᠠ ᠶᠢᠨ ᠲᠦᠢᠮᠣ ᠪᠠᠶᠢᠳᠠᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠠᠮᠢ | ᠠᠬᠤᠢ ᠶᠢᠨ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠭᠤᠷᠪᠠᠨ ᠲᠠᠯ᠎ᠠ ᠠᠴᠠ ᠲᠠᠨᠢᠯᠴᠠᠭᠤᠯᠭ᠎ᠠ ᠬᠢᠭᠰᠡᠨ | ᠪᠥᠭᠡᠳ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠪᠣᠭᠤᠮᠲᠠ ᠶᠢᠨ ᠭᠠᠳᠠᠭᠠᠳᠤ | ᠠᠷᠠᠯᠵᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠵᠡᠷᠭᠡ ᠬᠦᠷᠢᠶᠡᠨ ᠳᠤ ᠬᠠᠮᠲᠤᠷᠠᠯᠴᠠᠭ᠎ᠠ | ᠬᠢᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠵᠦ᠂ ᠡᠷᠢᠶᠡᠨ ᠬᠤᠳᠠ ᠪᠠᠲᠤᠯᠠᠭ᠎ᠠ ᠶᠢᠨ | ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠳᠤ ᠬᠦᠴᠦᠨ | ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ | ᠬᠤᠸᠠ ᠭᠤᠸᠠᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠢᠦᠢ ᠵᠢᠩ ᠴᠧᠨ ᠨᠠᠷ | ᠢᠯᠡᠷᠬᠡᠶᠢᠯᠡᠬᠦ ᠳᠡᠭᠡᠨ᠂ ᠡᠷᠢᠶᠡᠨ ᠬᠤᠳᠠ ᠳᠤ ᠰᠠᠶᠢᠨ ᠰᠠᠶᠢᠬᠠᠨ ᠣᠷᠣᠨ ᠪᠠᠶᠢᠷᠢ ᠶᠢᠨ ᠳᠠᠪᠠᠭᠤᠯᠢᠭ᠂ ᠰᠢᠯᠢᠳᠡᠭ | ᠰᠠᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠲᠠᠢ ᠶᠤᠮ᠂ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠯᠲᠠ | ᠰᠣᠯᠢᠯᠴᠠᠭ᠎ᠠ ᠪᠠᠷ ᠳᠠᠮᠵᠢᠭᠤᠯᠵᠤ᠂ ᠬᠠᠮᠲᠤᠷᠠᠯᠴᠠᠭᠠᠨ ᠤ ᠨᠡᠶᠢᠯᠡᠯᠲᠡ ᠶᠢᠨ ᠴᠡᠭ ᠢ ᠣᠨᠣᠪᠴᠢᠲᠠᠢ ᠣᠯᠵᠤ᠂ | ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠭ᠎ᠠ ᠶᠢ | ᠨᠢᠭᠲᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ | ᠃ |