| | 9 ᠰᠠᠷ᠎ᠠ ᠶᠢᠨ 13 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠳᠠᠬᠢᠨ ᠬᠢᠨᠠᠬᠤ ᠠᠵᠢᠯ ᠤᠨ | ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠢ ᠤᠭᠲᠤᠵᠤ᠂ ᠮᠠᠨ ᠤ ᠬᠤᠲᠠ ᠶᠢᠨ ᠤᠯᠤᠰ ᠤᠨ | ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠠᠵᠢᠯ ᠳᠤ | ᠪᠠᠶᠢᠴᠠᠭᠠᠯᠲᠠ ᠬᠢᠬᠦ ᠶᠢᠨ ᠬᠠᠮᠲᠤ ᠰᠠᠨᠠᠯ ᠤᠨ ᠬᠠᠷᠢᠭᠤ ᠲᠤᠰᠬᠠᠬᠤ ᠬᠤᠷᠠᠯ ᠬᠤᠷᠠᠯᠳᠤᠭᠤᠯᠪᠠ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠬᠤᠷᠠᠯ ᠢ | ᠡᠷᠭᠢᠯᠡᠪᠡ᠃ | ᠬᠤᠷᠠᠯ ᠳᠡᠭᠡᠷ᠎ᠡ᠂ ᠪᠠᠶᠢᠴᠠᠭᠠᠬᠤ ᠳᠤᠭᠤᠶᠢᠯᠠᠩ ᠪᠠᠶᠢᠴᠠᠭᠠᠭᠰᠠᠨ ᠪᠠᠶᠢᠳᠠᠯ ᠤᠨ ᠲᠤᠬᠠᠶ ᠨᠠᠷᠢᠨ ᠲᠣᠳᠣᠷᠬᠠᠶ | ᠬᠠᠷᠢᠭᠤ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠪᠠ᠃ | ᠪᠠᠶᠢᠴᠠᠭᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠡᠷᠢᠶᠡᠨ ᠬᠤᠲᠠ ᠶᠢᠨ ᠬᠢᠨ ᠤᠯᠤᠰ ᠤᠨ ᠡᠷᠡᠭᠦᠯ | ᠬᠠᠮᠠᠭᠠᠯᠠᠯ ᠤᠨ ᠬᠤᠲᠠ ᠶᠢᠨ ᠳᠠᠬᠢᠨ ᠪᠠᠶᠢᠴᠠᠭᠠᠯᠲᠠ ᠶᠢᠨ ᠪᠠᠶᠢᠴᠠᠭᠠᠯᠲᠠ ᠶᠢ ᠤᠭᠲᠤᠬᠤ ᠠᠵᠢᠯ ᠤᠨ ᠴᠢᠬᠤᠯᠠ | ᠴᠢᠨᠠᠷ ᠢ ᠭᠦᠢᠴᠡᠳ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠭᠤᠤᠯᠳᠠᠯᠭ᠎ᠠ ᠲᠠᠢ | ᠣᠷᠣᠨ ᠪᠦᠰᠡ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠯᠭᠠᠨ ᠦᠨᠡᠯᠡᠬᠦ | ᠰᠢᠰᠲ᠋ᠧᠮᠵᠢ ᠶᠢᠨ ᠱᠠᠭᠠᠷᠳᠠᠯᠭ᠎ᠠ ᠲᠠᠢ ᠬᠠᠷᠢᠴᠠᠭᠤᠯᠤᠨ᠂ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠰᠠᠯᠠᠭ᠎ᠠ | ᠮᠥᠴᠢᠷ ᠤᠨ ᠵᠣᠬᠢᠴᠠᠯᠳᠤᠨ ᠬᠥᠳᠡᠯᠦᠯᠴᠡᠬᠦ ᠶᠢ ᠴᠢᠩᠭᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠵᠦᠢᠯ | ᠳᠠᠷᠠᠭᠠᠯᠠᠨ ᠲᠣᠳᠣᠷᠬᠠᠶᠢᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠲᠠ ᠪᠠᠷ ᠠᠵᠠ | ᠲᠣᠬᠢᠶᠠᠯ ᠪᠣᠯᠭᠠᠨ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠰᠢᠨ᠎ᠡ ᠳᠦᠷᠰᠦ ᠪᠠᠶᠢᠳᠠᠯ ᠢ ᠲᠠᠰᠤᠷᠠᠯᠲᠠ | ᠥᠬᠡᠶ ᠢᠯᠡᠷᠡᠭᠦᠯᠵᠦ᠂ ᠪᠣᠭᠤᠮᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠡᠮᠦᠨ᠎ᠡ ᠡᠩᠨᠡᠭᠡᠨ ᠳᠤ | ᠶᠠᠪᠤᠬᠤ ᠶᠢ ᠠᠬᠢᠭᠤᠯᠬᠤ ᠬᠡᠷᠡᠭᠲᠡᠢ ᠭᠡᠵᠡᠢ᠃ | ᠵᠠᠩ ᠶᠢᠩ ᠵᠢᠶᠧ ᠣᠪᠣᠷ ᠢᠶᠠᠨ ᠢᠯᠡᠳᠬᠡᠬᠦ ᠦᠭᠡ ᠬᠡᠯᠡᠬᠦ ᠳᠡᠭᠡᠨ᠂ ᠮᠠᠨ ᠤ ᠬᠤᠲᠠ ᠤᠯᠤᠰ ᠲᠥᠷᠥ ᠶᠢᠨ | ᠵᠣᠭᠰᠣᠯᠲᠠ ᠪᠠ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠶᠢᠴᠠᠭᠠᠬᠤ | ᠳᠤᠭᠤᠶᠢᠯᠠᠩ ᠤᠨ ᠳᠤᠷᠠᠳᠤᠭᠰᠠᠨ ᠠᠰᠠᠭᠤᠳᠠᠯ ᠪᠠ ᠵᠢᠭᠠᠵᠤ ᠭᠠᠷᠭᠠᠭᠰᠠᠨ ᠬᠦᠷᠦᠯᠴᠡᠬᠦ ᠦᠭᠡᠢ ᠲᠠᠯ᠎ᠠ ᠶᠢ ᠬᠠᠭᠤᠳᠠᠰᠤ | ᠶᠣᠰᠣᠭᠠᠷ ᠪᠦᠬᠦᠨ ᠢ ᠬᠤᠷᠢᠶᠠᠨ ᠠᠪᠴᠤ᠂ ᠨᠢᠭᠡ ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠠᠳᠠᠯᠢ ᠲᠥᠷᠥᠯ ᠤᠨ | ᠠᠰᠠᠭᠤᠳᠠᠯ ᠢ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠬᠠᠷᠢᠭᠤ ᠲᠤᠰᠬᠠᠭᠰᠠᠨ ᠰᠠᠨᠠᠯ ᠨᠢᠭᠡᠪᠦᠷᠢ ᠶᠢ ᠴᠥᠮ | ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ | ᠳᠠᠬᠢᠨ ᠬᠢᠨᠠᠬᠤ ᠠᠵᠢᠯ ᠢ ᠬᠠᠷᠢᠭᠤᠴᠠᠯᠭ᠎ᠠ ᠡᠭᠦᠷᠭᠡᠯᠡᠬᠦ᠂ ᠣᠪᠣᠷ ᠰᠤᠷᠲᠠᠯ ᠢ ᠰᠢᠯᠭᠠᠬᠤ ᠰᠢᠯᠭᠠᠯᠲᠠ ᠶᠢᠨ ᠲᠠᠯᠠᠪᠤᠷ | ᠪᠣᠯᠭᠠᠵᠤ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ | ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠨ᠎ᠠ ᠭᠡᠵᠡᠢ᠃ |