| ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠠᠴᠠ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠡᠬᠢᠯᠡᠵᠦ ᠰᠦᠢᠳᠬᠡᠯ ᠲᠤᠰᠢᠶᠠᠬᠤ ᠴᠠᠭ ᠪᠣᠯᠵᠦ᠂ ᠬᠥᠮᠦᠨ ᠪᠦᠷᠢ ᠵᠢᠯ ᠳᠤ | 400 ᠲᠥᠭᠦᠷᠢᠭ ᠪᠣᠯᠤᠨ᠎ᠠ᠃ | ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ᠡᠮ ᠡᠮᠨᠡᠯᠭᠡ ᠶᠢᠨ ᠳᠠᠭᠠᠳᠬᠠᠯ ᠤᠨ | ᠲᠤᠬᠠᠶᠢᠯᠠᠭᠰᠠᠨ ᠠᠵᠢᠯ ᠢ ᠠᠰᠠᠭᠤᠨ ᠯᠠᠪᠯᠠᠬᠤ ᠪᠠ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠬᠤᠶᠢᠨ᠎ᠠ | ᠬᠤᠶᠢᠨ᠎ᠠ ᠠᠴᠠ ᠪᠠᠨ ᠴᠤᠪᠤᠷᠠᠵᠤ᠂ ᠡᠮ ᠡᠮᠨᠡᠯᠭᠡ ᠶᠢᠨ ᠳᠠᠭᠠᠳᠬᠠᠯ ᠤᠨ ᠴᠣᠩᠬᠤᠨ ᠤ ᠠᠵᠢᠯᠲᠠᠨ ᠪᠤᠶᠤ ᠣᠯᠠᠨ ᠲᠦᠮᠡᠨ ᠤ | ᠯᠠᠪᠯᠠᠭ᠎ᠠ ᠳᠤ ᠬᠠᠷᠢᠭᠤᠯᠲᠠ ᠥᠭᠬᠦ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢᠨ ᠬᠠᠮᠲᠤ ᠪᠠᠰᠠ ᠲᠤᠰᠬᠠᠶ | ᠬᠥᠮᠦᠨ ᠲᠤᠬᠠᠶ ᠶᠢᠨ ᠲᠠᠯᠠᠪᠤᠷ ᠲᠤ ᠬᠥᠲᠥᠯᠦᠨ ᠵᠢᠯᠣᠭᠤᠳᠬᠤ᠂ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ | ᠪᠠᠶᠢᠨ᠎ᠠ᠃ | ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠯᠢᠶᠠᠩ ᡁᠢ ᠹᠧᠩ᠄ | ︽ᠵᠢᠯ ᠪᠦᠷᠢ ᠶᠢᠨ 9 ᠰᠠᠷ᠎ᠠ ᠪᠣᠯ ᠰᠦᠢᠳᠭᠡᠯ ᠲᠤᠰᠢᠶᠠᠬᠤ ᠣᠷᠭᠢᠯ ᠤᠨ ᠬᠤᠭᠤᠴᠠᠭ᠎ᠠ ᠪᠣᠯᠤᠨ᠎ᠠ᠂ ᠡᠮ ᠡᠮᠨᠡᠯᠭᠡ ᠶᠢᠨ | ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠪᠥᠬᠦ ᠬᠥᠮᠦᠰ ᠲᠣᠰ ᠠᠵᠢᠯ ᠳᠤ ᠣᠷᠣᠭᠤᠯᠬᠤ ᠶᠢᠨ ᠬᠠᠮᠲᠤ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ | ᠰᠠᠶᠢᠲᠤᠷ ᠬᠢᠵᠦ᠂ ᠰᠦᠢᠳᠭᠡᠯ ᠲᠤᠰᠢᠶᠠᠬᠤ ᠬᠥᠮᠦᠰ ᠤᠨ ᠬᠦᠯᠢᠶᠡᠬᠦ ᠴᠠᠭ ᠢ ᠪᠠᠭᠠᠰᠬᠠᠨ᠎ᠠ᠃ ᠪᠢᠳᠡ ᠬᠤᠲᠠ ᠶᠢᠨ | ᠠᠷᠠᠳ ᠤᠨ ᠭᠠᠷ ᠤᠲᠠᠰᠤ ᠪᠠᠷ ᠳᠠᠮᠵᠢᠨ ᠰᠦᠢᠳᠬᠡᠯ ᠲᠤᠰᠢᠶᠠᠬᠤ ᠳᠤ ᠨᠠᠩ ᠳᠥᠭᠦᠮ ᠳᠥᠲᠡ ᠪᠠᠶᠢᠬᠤ ᠶᠢ ᠰᠠᠨᠠᠭᠠᠴᠢᠯᠠᠶ᠎ᠠ᠃ | ︾ | ᠡᠨᠡ ᠵᠢᠯ ᠰᠢᠨ᠎ᠡ ᠪᠠᠷ ᠳᠠᠭᠠᠳᠬᠠᠯ ᠳᠤ ᠣᠷᠣᠯᠴᠠᠭᠰᠠᠳ ᠲᠣᠰ ᠬᠥᠮᠦᠨ ᠤ ᠡᠷᠦᠬᠡ ᠠᠮᠠ ᠶᠢᠨ ᠳᠡᠪᠲᠡᠷ ᠢᠶᠠᠨ ︵ᠲᠣᠰ | ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠰᠤ ᠡᠷᠢᠶᠡᠨ ᠬᠤᠲᠠ ᠶᠢᠨ ᠣᠷᠣᠰᠢᠨ ᠰᠠᠭᠤᠬᠤ ᠦᠨᠡᠮᠯᠡᠯ︶᠂ ᠪᠡᠶ᠎ᠡ ᠶᠢᠨ | ᠦᠨᠡᠮᠯᠡᠯ᠂ ᠪᠠᠩᠬᠢ ᠶᠢᠨ ᠺᠠᠷᠲ᠂ ᠨᠢᠭᠡ ᠢᠮᠠᠬᠤ ᠶᠢᠨ ᠰᠡᠬᠦᠳᠡᠷ ᠬᠤᠶᠠᠷ ᠬᠤᠪᠢ ︵ᠳᠡᠪᠢᠰᠬᠡᠷ ᠤᠨ ᠥᠩᠭᠡ ᠶᠢ | ᠬᠢᠵᠠᠭᠠᠷᠯᠠᠬᠤ ᠥᠬᠡᠶ︶ ᠠᠪᠴᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠡᠮ | ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠴᠣᠩᠬᠤᠨ ᠳᠤ ᠬᠦᠷᠴᠦ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠭᠠᠷᠳᠠᠮ ᠢ ᠭᠦᠢᠴᠡᠳᠭᠡᠬᠦ ᠬᠡᠷᠡᠭᠲᠡᠶ᠃ | ᠰᠣᠷᠪᠤᠯᠵᠢᠯᠠᠭᠴᠢ ᠡᠬᠡ ᠪᠢᠴᠢᠭ ᠢᠶᠠᠨ ᠶᠠᠪᠤᠭᠤᠯᠬᠤ ᠪᠣᠯᠲᠠᠯ᠎ᠠ 5000 ᠭᠠᠷᠤᠢ ᠬᠥᠮᠥᠨ ᠰᠦᠢᠳᠬᠡᠯ ᠲᠤᠰᠢᠶᠠᠵᠠᠢ᠃ |