ᠬᠦᠮᠦᠨ ᠪᠦᠷᠢ ᠵᠢᠯ ᠳᠤ 400 ᠶᠤᠸᠠᠨ    ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠡᠬᠢᠯᠡᠵᠦ ᠲᠤᠰᠢᠶᠠᠪᠠ
ᠨᠡᠶᠢᠲᠡᠯᠡᠭᠰᠡᠨ ᠴᠠᠭ᠄
2023/9/15
             
  ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠠᠴᠠ ᠣᠶᠢᠯᠠᠭᠠᠭᠰᠠᠨ ᠢᠶᠠᠷ᠂ ᠮᠠᠨ ᠤ ᠬᠤᠲᠠ ᠶᠢᠨ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠡᠬᠢᠯᠡᠵᠦ ᠰᠦᠢᠳᠬᠡᠯ ᠲᠤᠰᠢᠶᠠᠬᠤ ᠴᠠᠭ ᠪᠣᠯᠵᠦ᠂ ᠬᠥᠮᠦᠨ ᠪᠦᠷᠢ ᠵᠢᠯ ᠳᠤ 400 ᠲᠥᠭᠦᠷᠢᠭ ᠪᠣᠯᠤᠨ᠎ᠠ᠃    ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠠᠰᠠᠭᠤᠨ ᠯᠠᠪᠯᠠᠬᠤ ᠪᠠ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠬᠤᠶᠢᠨ᠎ᠠ ᠬᠤᠶᠢᠨ᠎ᠠ ᠠᠴᠠ ᠪᠠᠨ ᠴᠤᠪᠤᠷᠠᠵᠤ᠂ ᠡᠮ ᠡᠮᠨᠡᠯᠭᠡ ᠶᠢᠨ ᠳᠠᠭᠠᠳᠬᠠᠯ ᠤᠨ ᠴᠣᠩᠬᠤᠨ ᠤ ᠠᠵᠢᠯᠲᠠᠨ ᠪᠤᠶᠤ ᠣᠯᠠᠨ ᠲᠦᠮᠡᠨ ᠤ ᠯᠠᠪᠯᠠᠭ᠎ᠠ ᠳᠤ ᠬᠠᠷᠢᠭᠤᠯᠲᠠ ᠥᠭᠬᠦ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢᠨ ᠬᠠᠮᠲᠤ ᠪᠠᠰᠠ ᠲᠤᠰᠬᠠᠶ ᠬᠥᠮᠦᠨ ᠲᠤᠬᠠᠶ ᠶᠢᠨ ᠲᠠᠯᠠᠪᠤᠷ ᠲᠤ ᠬᠥᠲᠥᠯᠦᠨ ᠵᠢᠯᠣᠭᠤᠳᠬᠤ᠂ ᠬᠠᠪᠰᠤᠷᠤᠨ ᠭᠦᠢᠴᠡᠳᠬᠡᠬᠦ ᠦᠢᠯᠡᠴᠢᠯᠡᠭᠡ ᠬᠠᠩᠭᠠᠵᠤ ᠪᠠᠶᠢᠨ᠎ᠠ᠃    ᠬᠤᠲᠠ ᠶᠢᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠯᠢᠶᠠᠩ ᡁᠢ ᠹᠧᠩ᠄ ︽ᠵᠢᠯ ᠪᠦᠷᠢ ᠶᠢᠨ 9 ᠰᠠᠷ᠎ᠠ ᠪᠣᠯ ᠰᠦᠢᠳᠭᠡᠯ ᠲᠤᠰᠢᠶᠠᠬᠤ ᠣᠷᠭᠢᠯ ᠤᠨ ᠬᠤᠭᠤᠴᠠᠭ᠎ᠠ ᠪᠣᠯᠤᠨ᠎ᠠ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠪᠥᠬᠦ ᠬᠥᠮᠦᠰ ᠲᠣᠰ ᠠᠵᠢᠯ ᠳᠤ ᠣᠷᠣᠭᠤᠯᠬᠤ ᠶᠢᠨ ᠬᠠᠮᠲᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠰᠠᠶᠢᠲᠤᠷ ᠬᠢᠵᠦ᠂ ᠰᠦᠢᠳᠭᠡᠯ ᠲᠤᠰᠢᠶᠠᠬᠤ ᠬᠥᠮᠦᠰ ᠤᠨ ᠬᠦᠯᠢᠶᠡᠬᠦ ᠴᠠᠭ ᠢ ᠪᠠᠭᠠᠰᠬᠠᠨ᠎ᠠ᠃ ᠪᠢᠳᠡ ᠬᠤᠲᠠ ᠶᠢᠨ ᠠᠷᠠᠳ ᠤᠨ ᠭᠠᠷ ᠤᠲᠠᠰᠤ ᠪᠠᠷ ᠳᠠᠮᠵᠢᠨ ᠰᠦᠢᠳᠬᠡᠯ ᠲᠤᠰᠢᠶᠠᠬᠤ ᠳᠤ ᠨᠠᠩ ᠳᠥᠭᠦᠮ ᠳᠥᠲᠡ ᠪᠠᠶᠢᠬᠤ ᠶᠢ ᠰᠠᠨᠠᠭᠠᠴᠢᠯᠠᠶ᠎ᠠ᠃︾    ᠡᠨᠡ ᠵᠢᠯ ᠰᠢᠨ᠎ᠡ ᠪᠠᠷ ᠳᠠᠭᠠᠳᠬᠠᠯ ᠳᠤ ᠣᠷᠣᠯᠴᠠᠭᠰᠠᠳ ᠲᠣᠰ ᠬᠥᠮᠦᠨ ᠤ ᠡᠷᠦᠬᠡ ᠠᠮᠠ ᠶᠢᠨ ᠳᠡᠪᠲᠡᠷ ᠢᠶᠠᠨ ︵ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠰᠤ ᠡᠷᠢᠶᠡᠨ ᠬᠤᠲᠠ ᠶᠢᠨ ᠣᠷᠣᠰᠢᠨ ᠰᠠᠭᠤᠬᠤ ᠦᠨᠡᠮᠯᠡᠯ︶᠂ ᠪᠡᠶ᠎ᠡ ᠶᠢᠨ ᠦᠨᠡᠮᠯᠡᠯ᠂ ᠪᠠᠩᠬᠢ ᠶᠢᠨ ᠺᠠᠷᠲ᠂  ᠨᠢᠭᠡ ᠢᠮᠠᠬᠤ ᠶᠢᠨ ᠰᠡᠬᠦᠳᠡᠷ ᠬᠤᠶᠠᠷ ᠬᠤᠪᠢ ︵ᠳᠡᠪᠢᠰᠬᠡᠷ ᠤᠨ ᠥᠩᠭᠡ ᠶᠢ ᠬᠢᠵᠠᠭᠠᠷᠯᠠᠬᠤ ᠥᠬᠡᠶ︶ ᠠᠪᠴᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠴᠣᠩᠬᠤᠨ ᠳᠤ ᠬᠦᠷᠴᠦ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠭᠠᠷᠳᠠᠮ ᠢ ᠭᠦᠢᠴᠡᠳᠭᠡᠬᠦ ᠬᠡᠷᠡᠭᠲᠡᠶ᠃    ᠰᠣᠷᠪᠤᠯᠵᠢᠯᠠᠭᠴᠢ ᠡᠬᠡ ᠪᠢᠴᠢᠭ ᠢᠶᠠᠨ ᠶᠠᠪᠤᠭᠤᠯᠬᠤ ᠪᠣᠯᠲᠠᠯ᠎ᠠ 5000 ᠭᠠᠷᠤᠢ ᠬᠥᠮᠥᠨ ᠰᠦᠢᠳᠬᠡᠯ ᠲᠤᠰᠢᠶᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号