| 9 ᠰᠠᠷ᠎ᠠ ᠶᠢᠨ 10 ᠤ ᠡᠳᠦᠷ᠂ ᠡᠷᠢᠶᠡᠨ ᠬᠤᠲᠠ ᠶᠢᠨ ᠤᠯᠠᠭᠠᠨᠮᠥ᠋ᠴᠢᠷ ᠨᠢ ᠬᠤᠷᠢᠨ ᠬᠤᠶᠠᠳᠤᠭᠠᠷ | ᠬᠤᠭᠤᠴᠠᠭᠠᠨ ᠤ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ᠣᠷᠣᠯᠴᠠᠵᠦ᠂ ︽ | ᠡᠷᠢᠶᠡᠨ ᠭᠤᠪᠢ ᠶᠢᠨ ᠣᠶᠠᠩᠭ᠎ᠠ︾ ᠲᠤᠰᠬᠠᠢ ᠤᠷᠠᠨ ᠰᠠᠶᠢᠬᠠᠨ ᠤ ᠦᠳᠡᠰᠢᠯᠡᠭᠡ ᠪᠠᠷ ᠨᠠᠢᠮᠠᠨ ᠱᠠᠩᠨᠠᠯ ᠲᠤᠰᠪᠠ᠃ | | | ᠦᠳᠡᠰᠢᠯᠡᠭᠡ ᠨᠢ ᠭᠤᠶᠢᠳᠠ ᠰᠠᠶᠢᠬᠠᠨ ᠶᠠᠪᠤᠭᠳᠠᠵᠤ᠂ ᠳᠠᠭᠤᠯᠠᠯᠳᠦ ᠪᠥᠵᠢᠭ ︽ᠲᠣᠷᠭᠠᠨ ᠵᠠᠮ ᠤᠨ ᠰᠢᠨ᠎ᠡ | ᠳᠠᠭᠤᠯᠠᠯ︾ ᠨᠢ ᠦᠵᠡᠭᠴᠢᠳ ᠢ ᠥᠷᠭᠡᠨ ᠠᠭᠤᠳᠠᠮ ᠡᠷᠲᠡᠨ ᠤ ᠴᠠᠢ ᠶᠢᠨ ᠵᠠᠮ ᠢᠶᠠᠷ ᠵᠠᠮᠨᠠᠭᠤᠯᠵᠤ᠂ ᠤᠷᠠᠯᠢᠭ ᠤᠨ | ᠷᠢᠳᠢ ᠰᠢᠳᠢ ᠶᠢ ᠣᠯᠠᠨ ᠳᠤ ᠭᠦᠨ ᠮᠡᠳᠡᠷᠡᠭᠦᠯᠵᠡᠢ᠃ ᠳᠠᠷᠠᠭ᠎ᠠ ᠳᠤᠨᠢ᠂ ᠳᠠᠭᠤᠤ᠂ ᠤᠷᠳᠤ ᠶᠢᠨ ᠳᠠᠭᠤᠤ᠂ ᠮᠣᠷᠢᠨ | ᠬᠤᠭᠤᠷ ᠤᠨ ᠲᠣᠭᠯᠠᠯᠲᠠ ᠡᠭᠡᠯᠵᠢᠯᠡᠨ ᠲᠣᠭᠯᠠᠵᠤ᠂ ᠬᠥᠮᠥᠰ ᠢ ᠨᠢᠳᠦ ᠠᠯᠳᠠᠮ᠎ᠠ ᠭᠠᠶᠢᠬᠠᠰᠢᠷᠡᠭᠤᠯᠵᠦ᠂ | ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠬᠦᠷᠳᠡᠪᠡ᠃ | | | ᠬᠤᠶᠠᠳᠤᠭᠠᠷ ᠡᠳᠦᠷ ᠤᠨ ᠱᠠᠩᠨᠠᠯ ᠣᠯᠭᠤᠬᠤ ᠦᠳᠡᠰᠢᠯᠡᠭᠡ ᠳᠡᠭᠡᠷ᠎ᠡ᠂ ᠡᠷᠢᠶᠡᠨ ᠬᠤᠲᠠ ᠶᠢᠨ ᠤᠯᠠᠭᠠᠨᠮᠥ᠋ᠴᠢᠷ ᠨᠢ | ᠬᠤᠷᠢᠨ ᠬᠤᠶᠠᠳᠤᠭᠠᠷ ᠬᠤᠭᠤᠴᠠᠭᠠᠨ ᠤ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ | ᠦᠳᠡᠰᠢᠯᠡᠭᠡ ᠶᠢᠨ ᠲᠥᠷᠥᠯ ᠤᠨ ᠠᠯᠲᠠᠨ ᠮᠧᠳᠠᠯ ᠢ ᠢᠷᠠᠭᠤ ᠠᠯᠳᠠᠷᠲᠠᠢ ᠪᠠᠷ ᠭᠥᠷᠳᠡᠪᠡ᠃ ᠦᠪᠡᠷᠳᠡᠭᠡᠨ ᠵᠣᠬᠢᠶᠠᠨ | ᠪᠦᠳᠦᠭᠡᠭᠰᠡᠨ ︽ ᠡᠶ᠎ᠡ ᠵᠣᠬᠢᠴᠠᠯᠳᠦ ᠡᠬᠡ ᠪᠠᠶᠢᠭᠠᠯᠢ︾ ᠨᠢ ᠪᠥᠵᠢᠭ ᠤᠨ ᠲᠥᠷᠥᠯ ᠤᠨ ᠲᠣᠭᠯᠠᠯᠲᠠ ᠪᠠ ᠵᠣᠬᠢᠶᠠᠨ | ᠪᠦᠳᠦᠭᠡᠯᠳᠠ ᠶᠢᠨ ᠬᠤᠶᠠᠷ ᠲᠦᠷᠦᠯ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ︔ ᠦᠪᠡᠷᠳᠡᠭᠡᠨ ᠵᠣᠬᠢᠶᠠᠨ | ᠪᠦᠳᠦᠭᠡᠭᠰᠡᠨ ᠳᠠᠭᠤᠤ ︽ᠬᠢᠯᠢ ᠶᠢᠨ ᠬᠠᠷᠠᠭᠤᠯ︾ ᠨᠢ ᠳᠠᠭᠤᠯᠠᠬᠤ ᠲᠥᠷᠥᠯ ᠤᠨ ᠵᠣᠬᠢᠶᠠᠨ ᠪᠦᠳᠦᠭᠡᠯᠳᠠ ᠶᠢᠨ | ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠯᠢᠮᠪᠦ ᠶᠢᠨ ᠭᠤᠴᠣᠯᠠᠯ ᠠᠶ᠎ᠠ ︽ᠦᠷ ᠤᠨ ᠲᠤᠶᠠᠭ᠎ᠠ︾ ᠨᠢ | ᠬᠥᠭᠵᠢᠮ ᠤᠨ ᠲᠥᠷᠥᠯ ᠤᠨ ᠲᠣᠭᠯᠠᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ ᠦᠪᠡᠷᠳᠡᠭᠡᠨ | ᠵᠣᠬᠢᠶᠠᠨ ᠪᠦᠳᠦᠭᠡᠭᠰᠡᠨ ︽ᠠᠯᠳᠠᠨ ᠨᠠᠮᠣᠷ ᠤᠨ ᠬᠠᠳᠠᠯᠠᠩ︾ ᠨᠢ ᠪᠥᠵᠢᠭ ᠤᠨ ᠲᠥᠷᠥᠯ ᠤᠨ ᠲᠣᠭᠯᠠᠯᠲᠠ ᠶᠢᠨ | ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ︔ ᠬᠦᠮᠠᠢ ︽ᠮᠣᠩᠭᠤᠯ ᠮᠣᠷᠢᠨ ᠤ ᠮᠠᠭᠳᠠᠭᠤ︾ ᠨᠢ ᠬᠥᠭᠵᠢᠮ ᠤᠨ | ᠲᠥᠷᠥᠯ ᠤᠨ ᠲᠣᠭᠯᠠᠯᠲᠠ ᠶᠢᠨ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡ ︔ ᠦᠪᠡᠷᠳᠡᠭᠡᠨ ᠵᠣᠬᠢᠶᠠᠨ | ᠪᠦᠳᠦᠭᠡᠭᠰᠡᠨ ᠪᠦᠵᠢᠭ ︽ᠡᠷᠴᠢ︾ ᠨᠢ ᠪᠥᠵᠢᠭ ᠤᠨ ᠲᠥᠷᠥᠯ ᠤᠨ ᠵᠣᠬᠢᠶᠠᠨ ᠪᠦᠳᠦᠭᠡᠯᠳᠠ ᠶᠢᠨ ᠭᠤᠷᠪᠠᠳᠤᠭᠠᠷ | ᠳᠡᠰ ᠤᠨ ᠱᠠᠩᠨᠠᠯ ᠢ ᠭᠥᠷᠳᠡᠪᠡ᠃ | | | |