ᠪᠠᠶᠠᠷ ᠬᠦᠷᠭᠡᠶ᠎ᠡ︕ ᠡᠷᠢᠶᠡᠨ ᠬᠤᠲᠠ ᠶᠢᠨ ᠤᠯᠠᠭᠠᠨᠮᠥ᠋ᠴᠢᠷ ᠨᠢᠭᠡ ᠣᠳᠠᠭ᠎ᠠ ᠳᠤ ᠨᠠᠢᠮᠠᠨ ᠱᠠᠩᠨᠠᠯ ᠲᠤᠰᠪᠠ
ᠨᠡᠶᠢᠲᠡᠯᠡᠭᠰᠡᠨ ᠴᠠᠭ᠄
2023/9/18
 
  9 ᠰᠠᠷ᠎ᠠ ᠶᠢᠨ 10 ᠤ ᠡᠳᠦᠷ᠂ ᠡᠷᠢᠶᠡᠨ ᠬᠤᠲᠠ ᠶᠢᠨ ᠤᠯᠠᠭᠠᠨᠮᠥ᠋ᠴᠢᠷ ᠨᠢ ᠬᠤᠷᠢᠨ ᠬᠤᠶᠠᠳᠤᠭᠠᠷ ᠬᠤᠭᠤᠴᠠᠭᠠᠨ ᠤ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠳᠤ ᠣᠷᠣᠯᠴᠠᠵᠦ᠂ ︽ᠡᠷᠢᠶᠡᠨ ᠭᠤᠪᠢ ᠶᠢᠨ ᠣᠶᠠᠩᠭ᠎ᠠ︾ ᠲᠤᠰᠬᠠᠢ ᠤᠷᠠᠨ ᠰᠠᠶᠢᠬᠠᠨ ᠤ ᠦᠳᠡᠰᠢᠯᠡᠭᠡ ᠪᠠᠷ ᠨᠠᠢᠮᠠᠨ ᠱᠠᠩᠨᠠᠯ ᠲᠤᠰᠪᠠ᠃    ᠦᠳᠡᠰᠢᠯᠡᠭᠡ ᠨᠢ ᠭᠤᠶᠢᠳᠠ ᠰᠠᠶᠢᠬᠠᠨ ᠶᠠᠪᠤᠭᠳᠠᠵᠤ᠂ ᠳᠠᠭᠤᠯᠠᠯᠳᠦ ᠪᠥᠵᠢᠭ ︽ᠲᠣᠷᠭᠠᠨ ᠵᠠᠮ ᠤᠨ ᠰᠢᠨ᠎ᠡ ᠳᠠᠭᠤᠯᠠᠯ︾ ᠨᠢ ᠦᠵᠡᠭᠴᠢᠳ ᠢ ᠥᠷᠭᠡᠨ ᠠᠭᠤᠳᠠᠮ ᠡᠷᠲᠡᠨ ᠤ ᠴᠠᠢ   ᠶᠢᠨ ᠵᠠᠮ ᠢᠶᠠᠷ ᠵᠠᠮᠨᠠᠭᠤᠯᠵᠤ᠂ ᠤᠷᠠᠯᠢᠭ ᠤᠨ ᠷᠢᠳᠢ ᠰᠢᠳᠢ   ᠶᠢ ᠣᠯᠠᠨ ᠳᠤ ᠭᠦᠨ ᠮᠡᠳᠡᠷᠡᠭᠦᠯᠵᠡᠢ᠃ ᠳᠠᠷᠠᠭ᠎ᠠ ᠳᠤᠨᠢ᠂ ᠳᠠᠭᠤᠤ᠂ ᠤᠷᠳᠤ ᠶᠢᠨ ᠳᠠᠭᠤᠤ᠂ ᠮᠣᠷᠢᠨ ᠬᠤᠭᠤᠷ ᠤᠨ ᠲᠣᠭᠯᠠᠯᠲᠠ ᠡᠭᠡᠯᠵᠢᠯᠡᠨ ᠲᠣᠭᠯᠠᠵᠤ᠂ ᠬᠥᠮᠥᠰ ᠢ ᠨᠢᠳᠦ ᠠᠯᠳᠠᠮ᠎ᠠ ᠭᠠᠶᠢᠬᠠᠰᠢᠷᠡᠭᠤᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠬᠦᠷᠳᠡᠪᠡ᠃    ᠬᠤᠶᠠᠳᠤᠭᠠᠷ ᠡᠳᠦᠷ ᠤᠨ ᠱᠠᠩᠨᠠᠯ ᠣᠯᠭᠤᠬᠤ ᠦᠳᠡᠰᠢᠯᠡᠭᠡ ᠳᠡᠭᠡᠷ᠎ᠡ᠂ ᠡᠷᠢᠶᠡᠨ ᠬᠤᠲᠠ ᠶᠢᠨ ᠤᠯᠠᠭᠠᠨᠮᠥ᠋ᠴᠢᠷ  ᠨᠢ ᠬᠤᠷᠢᠨ ᠬᠤᠶᠠᠳᠤᠭᠠᠷ ᠬᠤᠭᠤᠴᠠᠭᠠᠨ ᠤ ᠪᠥᠬᠦ ᠠᠶᠢᠮᠠᠭ ᠤᠨ ᠤᠯᠠᠭᠠᠨᠮᠥ᠋ᠴᠢᠷ ᠤᠨ ᠬᠠᠮᠲᠤᠷᠠᠭᠰᠠᠨ ᠲᠣᠭᠯᠠᠯᠲᠠ ᠶᠢᠨ ᠦᠳᠡᠰᠢᠯᠡᠭᠡ ᠶᠢᠨ ᠲᠥᠷᠥᠯ ᠤᠨ ᠠᠯᠲᠠᠨ ᠮᠧᠳᠠᠯ ᠢ ᠢᠷᠠᠭᠤ ᠠᠯᠳᠠᠷᠲᠠᠢ ᠪᠠᠷ ᠭᠥᠷᠳᠡᠪᠡ᠃ ᠦᠪᠡᠷᠳᠡᠭᠡᠨ ᠵᠣᠬᠢᠶᠠᠨ ᠪᠦᠳᠦᠭᠡᠭᠰᠡᠨ ︽ ᠡᠶ᠎ᠡ ᠵᠣᠬᠢᠴᠠᠯᠳᠦ ᠡᠬᠡ ᠪᠠᠶᠢᠭᠠᠯᠢ︾ ᠨᠢ ᠪᠥᠵᠢᠭ ᠤᠨ ᠲᠥᠷᠥᠯ ᠤᠨ ᠲᠣᠭᠯᠠᠯᠲᠠ ᠪᠠ ᠵᠣᠬᠢᠶᠠᠨ  ᠪᠦᠳᠦᠭᠡᠯᠳᠠ ᠶᠢᠨ ᠬᠤᠶᠠᠷ ᠲᠦᠷᠦᠯ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠪᠡ︔  ᠦᠪᠡᠷᠳᠡᠭᠡᠨ ᠵᠣᠬᠢᠶᠠᠨ ᠪᠦᠳᠦᠭᠡᠭᠰᠡᠨ ᠳᠠᠭᠤᠤ ︽ᠬᠢᠯᠢ ᠶᠢᠨ ᠬᠠᠷᠠᠭᠤᠯ︾ ᠨᠢ ᠳᠠᠭᠤᠯᠠᠬᠤ ᠲᠥᠷᠥᠯ ᠤᠨ ᠵᠣᠬᠢᠶᠠᠨ ᠪᠦᠳᠦᠭᠡᠯᠳᠠ ᠶᠢᠨ ᠬᠤᠶᠠᠳᠤᠭᠠᠷ ᠳᠡᠰ ᠤᠨ ᠱᠠᠩᠨᠠᠯ ᠭᠥᠷᠳᠡᠪᠡ︔ ᠯᠢᠮᠪᠦ   ᠶᠢᠨ ᠭᠤᠴᠣᠯᠠᠯ ᠠᠶ᠎ᠠ ︽ᠦᠷ ᠤᠨ ᠲᠤᠶᠠᠭ᠎ᠠ︾ ᠨᠢ ᠬᠥᠭᠵᠢᠮ ᠤᠨ ᠲᠥᠷᠥᠯ ᠤᠨ ᠲᠣᠭᠯᠠᠯᠲᠠ   ᠶᠢᠨ ᠬᠤᠶᠠᠳᠤᠭᠠᠷ ᠳᠡᠰ ᠤᠨ ᠱᠠᠩᠨᠠᠯ   ᠢ ᠭᠥᠷᠳᠡᠪᠡ᠃ ᠦᠪᠡᠷᠳᠡᠭᠡᠨ ᠵᠣᠬᠢᠶᠠᠨ ᠪᠦᠳᠦᠭᠡᠭᠰᠡᠨ ︽ᠠᠯᠳᠠᠨ ᠨᠠᠮᠣᠷ ᠤᠨ ᠬᠠᠳᠠᠯᠠᠩ︾ ᠨᠢ ᠪᠥᠵᠢᠭ ᠤᠨ ᠲᠥᠷᠥᠯ ᠤᠨ ᠲᠣᠭᠯᠠᠯᠲᠠ ᠶᠢᠨ ᠬᠤᠶᠠᠳᠤᠭᠠᠷ ᠳᠡᠰ ᠤᠨ ᠱᠠᠩᠨᠠᠯ   ᠢ ᠭᠥᠷᠳᠡᠪᠡ︔ ᠬᠦᠮᠠᠢ ︽ᠮᠣᠩᠭᠤᠯ ᠮᠣᠷᠢᠨ ᠤ ᠮᠠᠭᠳᠠᠭᠤ︾  ᠨᠢ ᠬᠥᠭᠵᠢᠮ ᠤᠨ ᠲᠥᠷᠥᠯ ᠤᠨ ᠲᠣᠭᠯᠠᠯᠲᠠ ᠶᠢᠨ ᠭᠤᠷᠪᠠᠳᠤᠭᠠᠷ ᠳᠡᠰ ᠤᠨ ᠱᠠᠩᠨᠠᠯ   ᠢ ᠭᠥᠷᠳᠡᠪᠡ  ︔ ᠦᠪᠡᠷᠳᠡᠭᠡᠨ ᠵᠣᠬᠢᠶᠠᠨ ᠪᠦᠳᠦᠭᠡᠭᠰᠡᠨ ᠪᠦᠵᠢᠭ ︽ᠡᠷᠴᠢ︾ ᠨᠢ ᠪᠥᠵᠢᠭ ᠤᠨ ᠲᠥᠷᠥᠯ ᠤᠨ ᠵᠣᠬᠢᠶᠠᠨ ᠪᠦᠳᠦᠭᠡᠯᠳᠠ   ᠶᠢᠨ ᠭᠤᠷᠪᠠᠳᠤᠭᠠᠷ ᠳᠡᠰ ᠤᠨ ᠱᠠᠩᠨᠠᠯ   ᠢ ᠭᠥᠷᠳᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号