| | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ | ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠳᠤ ᠨᠡᠶᠢᠲᠡ 11.2 ᠲᠦᠮᠡ ᠭᠠᠷᠤᠢ ᠲᠡᠷᠭᠡ ᠬᠥᠰᠬᠡ | ᠪᠠᠶᠢᠴᠠᠭᠠᠨ ᠲᠠᠯᠪᠢᠵᠤ᠂ ᠠᠳᠠᠯᠢ ᠬᠤᠭᠤᠴᠠᠭᠠᠨ ᠤ ᠬᠢ ᠠᠴᠠ 148% ᠪᠠᠷ ᠨᠡᠮᠡᠭᠳᠡᠵᠡᠢ᠃ ᠠᠶᠠᠨᠴᠢᠳ ᠤᠨ ᠴᠤᠪᠤᠷᠠᠯ ᠤᠨ | ᠣᠷᠭᠢᠯ ᠦᠶ᠎ᠡ ᠳᠤ ᠣᠷᠣᠭᠰᠠᠨ ᠠᠴᠠ ᠨᠠᠰᠢ᠂ ᠨᠢᠭᠡ ᠡᠳᠦᠷ ᠲᠤ ᠬᠠᠮᠤᠭ ᠤᠨ ᠥᠨᠳᠥᠷ ᠲᠡᠭᠡᠨ 819 ᠲᠡᠷᠭᠡ ᠤᠳᠠᠭ᠎ᠠ ᠶᠢ | ᠰᠢᠯᠭᠠᠨ ᠲᠠᠯᠪᠢᠵᠤ᠂ ᠡᠳᠦᠷ ᠳᠤᠮᠳᠠᠴᠢ ᠪᠠᠷ 650 ᠣᠷᠴᠢᠮ ᠲᠡᠷᠭᠡ ᠲᠠᠯᠪᠢᠵᠤ ᠪᠠᠶᠢᠨ᠎ᠠ᠃ | | | | | | ᠡᠷᠢᠶᠡᠨ ᠪᠣᠭᠤᠮᠲᠠ ᠪᠣᠯ ᠮᠠᠨ ᠤ ᠤᠯᠤᠰ ᠤᠨ ᠮᠣᠩᠭᠤᠯ ᠳᠤ ᠨᠡᠭᠡᠭᠡᠭᠰᠡᠨ ᠬᠠᠮᠤᠭ ᠤᠨ ᠶᠡᠭᠡ ᠬᠠᠭᠤᠷᠠᠢ ᠵᠠᠮ ᠤᠨ | ᠪᠣᠭᠤᠮᠲᠠ ᠪᠣᠯᠬᠤ ᠪᠥᠭᠡᠳ ᠳᠤᠮᠳᠠᠳᠤ ᠮᠣᠩᠭᠤᠯ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ ᠪᠠ ᠬᠥᠮᠥᠰ ᠤᠨ | ᠶᠠᠪᠤᠯᠴᠠᠭ᠎ᠠ ᠬᠠᠮᠤᠭ ᠤᠨ ᠳᠥᠭᠦᠮ ᠳᠥᠲᠡ᠂ ᠬᠠᠮᠤᠭ ᠤᠨ ᠣᠯᠠᠨ ᠪᠠᠶᠢᠳᠠᠭ ᠪᠣᠭᠤᠮᠲᠠ ᠪᠣᠯᠣᠨ᠎ᠠ᠃ ᠡᠳᠦᠷ ᠢᠷᠡᠬᠦᠶ᠎ᠡ | ᠳᠡᠭᠡᠭᠰᠢᠯᠡᠵᠦ ᠪᠠᠶᠢᠭ᠎ᠠ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ ᠶᠢᠨ ᠤᠷᠤᠰᠬᠠᠯ ᠤᠨ ᠡᠷᠢᠶᠡᠨ ᠤ ᠬᠢᠯᠢ ᠪᠠᠷ ᠣᠷᠣᠵᠤ | ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠬᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ | ᠬᠦᠷᠢᠶᠡᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ︾ ᠪᠠ ︽ᠲᠠᠸᠠᠷ ᠤᠨ | ᠲᠡᠷᠭᠡᠨ ᠤ ᠲᠤᠰᠬᠠᠢ ᠨᠡᠪᠲᠡᠷᠡᠬᠦ ᠵᠠᠮ︾ ᠵᠡᠷᠭᠡ ᠪᠣᠭᠤᠮᠲᠠ ᠪᠠᠷ ᠥᠩᠭᠡᠷᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢᠨ ᠴᠠᠭ ᠲᠤᠬᠠᠢ ᠳᠤᠨᠢ | ᠪᠠᠶᠢᠴᠠᠭᠠᠬᠤ ᠶᠢ ᠪᠠᠲᠤᠯᠠᠵᠤ᠂ ᠳᠠᠩᠰᠠᠯᠠᠭᠤᠯᠤᠨ ᠮᠡᠳᠡᠭᠦᠯᠬᠦ ᠶᠢ ︽ᠳᠤᠲᠠᠭᠤ ᠭᠦᠶᠦᠯᠭᠡᠬᠦ︾᠂ ᠬᠥᠮᠥᠨ ᠠᠮᠠ ᠶᠢᠨ | ᠪᠣᠭᠤᠮᠲᠠ ᠪᠠᠷ ᠥᠩᠭᠡᠷᠡᠬᠦ ᠶᠢ ︽ᠬᠦᠯᠢᠶᠡᠬᠦ ᠦᠭᠡᠢ︾᠂ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠶᠢ ︽ᠴᠠᠭ ᠲᠤᠬᠠᠢ | ᠳᠤᠨᠢ ᠬᠤᠶᠢᠰᠢᠯᠠᠭᠤᠯᠬᠤ︾ ᠶᠢ ᠪᠡᠶᠡᠯᠡᠭᠦᠯᠵᠦ᠂ ᠠᠵᠤ ᠠᠬᠤᠶᠢᠯᠠᠯ ᠳᠤ ᠪᠣᠭᠤᠮᠲᠠ ᠪᠠᠷ ᠥᠩᠭᠡᠷᠡᠬᠦ ᠴᠢᠨᠠᠷ ᠰᠠᠶᠢᠲᠠᠢ ᠥᠨᠳᠥᠷ | ᠦᠷ᠎ᠡ ᠪᠦᠲᠦᠮᠵᠢᠲᠡᠶ ᠣᠷᠴᠢᠨ ᠲᠣᠭᠤᠷᠢᠨ ᠢ ᠪᠣᠶ ᠪᠣᠯᠭᠠᠵᠤ᠂ ᠪᠣᠭᠤᠮᠲᠠ ᠶᠢᠨ ᠠᠵᠤ ᠠᠬᠤᠢ ᠶᠢᠨ ︽ᠬᠤᠷᠳᠤᠴᠠ ᠶᠢ | ᠨᠡᠮᠡᠭᠳᠡᠭᠦᠯᠬᠦ︾ ᠶᠢ ᠠᠬᠢᠭᠤᠯᠣᠨ᠎ᠠ᠃ | | | | | | ᠡᠷᠢᠶᠡᠨ ᠤ ᠬᠢᠯᠢ ᠪᠠᠷ ᠨᠡᠪᠳᠡᠷᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠦᠷᠳᠡᠭᠡ ᠶᠢᠨ ᠡᠭᠦᠷᠭᠡ | ᠭᠦᠢᠴᠡᠳᠬᠡᠬᠦ ᠲᠠᠪᠤᠳᠤᠭᠠᠷ ᠠᠩᠭᠢ ᠶᠢᠨ ᠳᠡᠳ᠋ ᠳᠠᠷᠤᠭ᠎ᠠ ᠬᠠᠩ ᠶᠠ ᠺᠠᠢ᠄ ︽ᠪᠢᠳᠡ ᠰᠢᠯᠢᠳᠡᠭ ᠦᠢᠯᠡᠴᠢᠯᠡᠭᠡ ᠪᠠᠷ | ᠪᠣᠭᠤᠮᠲᠠ ᠶᠢᠨ ᠬᠥᠮᠥᠨ ᠤ ᠤᠷᠤᠰᠬᠠᠯ ᠪᠠᠷᠠᠭᠠᠨ ᠤ ᠭᠦᠢᠯᠭᠡᠭᠡ ᠶᠢ ᠨᠡᠪᠳᠡᠷᠡᠬᠦᠯᠬᠦ᠂ ᠲᠦᠷᠭᠡᠨ ᠨᠡᠪᠳᠡᠷᠬᠦ ᠶᠢ ᠪᠠᠲᠤᠯᠠᠵᠤ᠂ | ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠣᠯᠣᠨ ᠪᠣᠭᠤᠮᠲᠠ ᠶᠢᠨ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠬᠢᠯᠢ ᠶᠢᠨ ᠰᠢᠯᠭᠠᠨ ᠪᠠᠶᠢᠴᠠᠭᠠᠯᠲᠠ ᠶᠢᠨ ᠬᠦᠴᠦᠨ ᠴᠢᠳᠠᠯ ᠢᠶᠠᠨ | ᠨᠡᠮᠡᠷᠢᠯᠡᠨ᠎ᠡ︾ ᠭᠡᠵᠦ ᠬᠡᠯᠡᠪᠡ᠃ | | |