| | | ᠡᠨᠡ ᠵᠢᠯ ᠠᠴᠠ ᠨᠠᠰᠢ᠂ ᠮᠠᠨ ᠤ ᠬᠤᠲᠠ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ | ᠪᠠ ᠭᠥᠯᠢᠶᠡᠨ ᠠᠪᠬᠤ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠣᠳᠣᠬᠠᠨ ᠳᠤ᠂ | ᠮᠠᠨ ᠤ ᠬᠤᠲᠠ ᠶᠢᠨ ᠬᠤᠶᠠᠷ ᠳᠡᠭᠡᠳᠦ ᠲᠠᠰ ᠤᠨ ᠵᠣᠴᠢᠳ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠶᠠᠭ ᠯᠠᠪᠳᠠᠭᠤᠨ ᠢᠶᠠᠷ ᠠᠬᠢᠵᠤ ᠪᠠᠶᠢᠨ᠎ᠠ᠃ | ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠯᠦᠩ ᠶᠤᠸᠠᠨ ᠶᠡᠭᠡ ᠪᠠᠭᠤᠳᠠᠯ ᠤᠨ ᠲᠥᠷᠥᠯ ᠵᠦᠢᠯ ᠤᠨ | ᠪᠠᠷᠢᠯᠭ᠎ᠠ ᠶᠢᠨ ᠲᠠᠯᠠᠪᠤᠷ ᠲᠤ ᠬᠦᠷᠴᠦ᠂ ᠲᠤᠬᠠᠢ ᠶᠢᠨ ᠲᠠᠯᠠᠪᠤᠷ ᠲᠤ ᠶᠠᠭᠠᠷᠠᠯᠲᠠᠢ ᠪᠠᠶᠢᠳᠠᠯ ᠢ ᠣᠯᠵᠤ ᠬᠠᠷᠠᠪᠠ᠃ | ᠣᠶᠢᠯᠠᠭᠠᠭᠰᠠᠨ ᠢᠶᠠᠷ᠂ ᠲᠣᠰ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠲᠤ 1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠡᠨᠡ ᠵᠢᠯ ᠤᠨ 4 ᠰᠠᠷ᠎ᠠ ᠶᠢᠨ ᠳᠤᠮᠳᠠᠴᠢ ᠪᠠᠷ ᠪᠠᠷᠢᠯᠭ᠎ᠠ | ᠡᠬᠢᠯᠡᠭᠦᠯᠵᠦ᠂ 2024 ᠣᠨ ᠤ ᠡᠴᠦᠰ ᠲᠤ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ᠂ ᠣᠲᠣ ᠨᠢᠭᠡᠨᠲᠡ 3450 | ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ ᠪᠠᠭᠤᠳᠠᠯ ᠤᠨ ᠲᠠᠯᠠᠪᠠᠶ ᠨᠢ 8500 ᠲᠡᠭᠰᠢ | ᠳᠥᠷᠪᠡᠯᠵᠢᠨ ᠮᠧᠲᠷ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 36500 ᠲᠡᠭᠰᠢ ᠳᠥᠷᠪᠡᠯᠵᠢᠨ ᠮᠧᠲᠷ᠃ ᠵᠣᠴᠢᠳ ᠤᠨ | ᠪᠠᠭᠤᠳᠠᠯ ᠢ ᠪᠦᠬᠦᠯᠢ ᠴᠣᠭᠴᠠ ᠪᠠᠷ ᠨᠢ ᠳᠥᠷᠪᠡᠨ ᠣᠳᠣᠨ ᠲᠠᠰ ᠤᠨ ᠪᠠᠷᠢᠮᠵᠢᠶ᠎ᠠ ᠪᠠᠷ ᠵᠢᠷᠤᠵᠤ ᠲᠥᠯᠥᠪᠯᠡᠨ ᠪᠠᠶᠢᠭᠤᠯᠵᠤ᠂ | ᠨᠡᠶᠢᠲᠡ 11 ᠳᠠᠪᠬᠤᠷᠯᠢᠭ ᠲᠠᠢ᠂ 300 ᠲᠠᠰᠤᠯᠭ᠎ᠠ ᠬᠡᠭᠡᠨᠴᠢᠷ ᠵᠣᠴᠢᠨ ᠤ ᠥᠷᠥᠭᠡ᠂ ᠬᠡᠳᠦᠨ ᠲᠠᠰᠤᠯᠭ᠎ᠠ ᠣᠯᠠᠨ | ᠴᠢᠳᠠᠪᠤᠷᠢᠲᠤ ᠳᠠᠶᠢᠯᠠᠯᠭ᠎ᠠ ᠶᠢᠨ ᠲᠢᠩᠬᠢᠮ ᠵᠢᠴᠢ ᠬᠤᠷᠠᠯ ᠤᠨ ᠭᠡᠷ ᠲᠠᠢ᠂ ᠬᠤᠳᠠᠯᠳᠤᠭᠠᠨ ᠤ ᠲᠠᠯᠠᠪᠤᠷ᠂ ᠬᠢᠲᠠᠳ ᠬᠤᠭᠤᠯᠠᠨ | ᠲᠢᠩᠬᠢᠮ᠂ ᠣᠨᠴᠠᠯᠢᠭᠲᠤ ᠡᠸᠦ᠋ᠷᠦᠫᠡ ᠬᠤᠭᠤᠯᠠᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠥᠪ᠂ ᠡᠷᠡᠭᠦᠯ ᠮᠡᠨᠳᠦ | ᠪᠡᠶ᠎ᠡ ᠰᠤᠪᠢᠯᠠᠯᠲᠠ ᠶᠢᠨ SPA ᠴᠤᠭᠯᠠᠭᠠᠨ ᠤ ᠭᠠᠵᠠᠷ᠂ ᠳᠡᠭᠡᠳᠦ ᠲᠠᠰ ᠤᠨ ᠪᠡᠶ᠎ᠡ ᠴᠢᠭᠢᠷᠠᠭᠵᠢᠭᠤᠯᠬᠤ ᠭᠡᠷ ᠵᠡᠷᠭᠡ ᠢᠵᠢ | ᠪᠦᠷᠢᠳᠦᠭᠰᠡᠨ ᠲᠥᠬᠦᠭᠡᠷᠦᠮᠵᠢ ᠲᠠᠢ᠃ | ᠮᠠᠨ ᠤ ᠬᠤᠲᠠ ᠶᠢᠨ ᠨᠥᠭᠦᠭᠡ ᠨᠢᠭᠡ ᠳᠡᠭᠡᠳᠦ ᠳᠡᠰ ᠤᠨ ᠪᠠᠭᠤᠳᠠᠯ ︱ ᠭᠦᠸᠧ ᠬᠤᠸ ᠪᠠᠭᠤᠳᠠᠯ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠴᠦ ᠶᠠᠭ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠪᠠᠷᠢᠯᠭ᠎ᠠ ᠶᠢᠨ ᠬᠤᠭᠤᠴᠠᠭ᠎ᠠ ᠶᠢ | ᠠᠮᠵᠢᠨ ᠠᠳᠬᠤᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ | ᠪᠠᠶᠢᠨ᠎ᠠ᠃ ᠣᠲᠣ ᠪᠣᠯᠲᠠᠯ᠎ᠠ᠂ ᠲᠣᠰ ᠢᠨᠵᠧᠨᠧᠷᠢᠩ ᠤᠨ ᠭᠤᠣᠯ ᠴᠣᠭᠴᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠨᠲᠡ | ᠪᠡᠶᠡᠯᠡᠭᠦᠯᠵᠦ᠂ ᠵᠢᠱᠢᠯᠲᠡ ᠪᠠᠷ ᠢᠷᠡᠬᠦ ᠵᠢᠯ ᠠᠰᠢᠭᠯᠠᠯᠲᠠ ᠳᠤ ᠣᠷᠣᠭᠤᠯᠬᠤ ᠪᠣᠯᠣᠨ᠎ᠠ᠃ | ᠬᠤᠶᠠᠷ ᠳᠡᠭᠡᠳᠦ ᠲᠠᠰ ᠤᠨ ᠪᠠᠭᠤᠳᠠᠯ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠭᠤᠯᠴᠢᠳ ᠤᠨ ᠬᠤᠨᠤᠭ ᠵᠤᠭ᠎ᠠ | ᠴᠡᠩᠭᠡᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠮᠠᠨ ᠤ ᠬᠤᠲᠠ ᠶᠢᠨ ᠰᠣᠶᠣᠯ ᠪᠡᠶ᠎ᠡ ᠶᠢᠨ ᠲᠠᠮᠢᠷ ᠤᠨ | ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃ | |