| | | | 9 ᠰᠠᠷ᠎ᠠ ᠶᠢᠨ 19 ᠤ ᠡᠳᠦᠷ᠂ ᠪᠥᠬᠦ ᠠᠶᠢᠮᠠᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ︽ᠤᠯᠤᠰ ᠲᠥᠷᠥ ᠶᠢᠨ | ᠵᠥᠪᠯᠡᠯᠭᠡᠨ ᠬᠤᠨᠳᠠᠭᠠᠲᠤ︾ ᠫᠢᠩᠫᠠᠩ ᠪᠥᠮᠪᠦᠭᠡ ᠶᠢᠨ ᠤᠷᠤᠯᠳᠤᠭᠠᠨ ᠮᠠᠨ ᠤ ᠬᠤᠲᠠ ᠳᠤ ᠲᠡᠭᠦᠰ ᠠᠮᠵᠢᠯᠲᠠ ᠲᠠᠢ | ᠥᠨᠳᠥᠷᠯᠡᠪᠡ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ | ᠪᠣᠷᠣᠬᠦᠣ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᡁᠢ ᠫᠧᠩ᠂ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠲᠣᠰ ᠲᠣᠰ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃ | ᠬᠤᠶᠠᠷ ᠡᠳᠦᠷ ᠤᠨ ᠤᠷᠤᠯᠳᠤᠭᠠᠨ ᠳᠤ᠂ ᠤᠷᠤᠯᠳᠤᠭᠠᠨ ᠳᠤ ᠣᠷᠣᠯᠴᠠᠭᠰᠠᠳ ᠪᠦᠯᠬᠦᠮᠳᠡᠨ ᠬᠠᠮᠵᠢᠯᠴᠠᠬᠤ᠂ | ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠤᠷᠤᠯᠳᠤᠭᠠᠨ ᠤ ᠲᠠᠯᠠᠪᠤᠷ ᠲᠤ ᠬᠦᠴᠦ | ᠬᠥᠯᠥᠰᠦ ᠪᠠᠨ ᠤᠷᠤᠰᠬᠠᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠢᠷᠠᠭᠤ ᠠᠯᠳᠠᠷ ᠪᠠ ᠨᠥᠬᠦᠷᠯᠡᠯ ᠢ ᠬᠦᠷᠲᠡᠪᠡ᠃ | ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠰᠢᠯᠢᠩᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠥᠯᠥᠭᠡᠯᠡᠭᠴᠢᠳ ᠤᠨ ᠠᠩᠭᠢ ᠡᠴᠦᠰ ᠲᠡᠭᠡᠨ ᠪᠦᠯᠬᠦᠮ ᠤᠨ ᠨᠢᠭᠡᠳᠦᠭᠡᠷ ᠲᠤ ᠣᠷᠣᠵᠤ᠂ ᠰᠢᠯᠢᠩᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠲᠥᠯᠥᠭᠡᠯᠡᠭᠴᠢᠳ ᠤᠨ ᠠᠩᠭᠢ ᠶᠢᠨ ᠳ᠋ᠧ ᠼᠦᠨ᠂ ᠵᠧᠩ ᡁᠢ ᠬᠤᠣᠰᠯᠠᠨ ᠴᠣᠬᠢᠬᠤ | ᠤᠷᠤᠯᠳᠤᠭᠠᠨ ᠳᠤ ᠮᠠᠩᠯᠠᠶᠢᠯᠠᠪᠠ︔ ᠪᠠᠷᠠᠭᠤᠨ ᠦᠵᠦᠮᠦᠴᠢᠨ ᠬᠤᠰᠢᠭᠤᠨ ᠤ ᠲᠥᠯᠥᠭᠡᠯᠡᠭᠴᠢᠳ ᠤᠨ ᠠᠩᠭᠢ ᠶᠢᠨ ᠸᠠᠩ | ᠬᠠᠢ ᠯᠢᠩ ᠡᠮᠡᠭᠲᠡᠢ ᠶᠢᠨ ᠭᠠᠭᠴᠠᠭᠠᠷ ᠴᠣᠬᠢᠬᠤ ᠤᠷᠤᠯᠳᠤᠭᠠᠨ ᠳᠤ ᠮᠠᠩᠯᠠᠶᠢᠯᠠᠵᠤ᠂ ᠰᠢᠯᠢᠩᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠲᠥᠯᠥᠭᠡᠯᠡᠭᠴᠢᠳ ᠤᠨ ᠠᠩᠭᠢ ᠶᠢᠨ ᠳ᠋ᠧ ᠼᠦᠨ ᠡᠷᠡᠭᠲᠡᠢ ᠶᠢᠨ ᠭᠠᠭᠴᠠᠭᠠᠷ ᠴᠣᠬᠢᠬᠤ ᠤᠷᠤᠯᠳᠤᠭᠠᠨ ᠳᠤ | ᠮᠠᠩᠯᠠᠶᠢᠯᠠᠪᠠ︔ᠯᠢᠦ ᡁᠢ ᠮᠢᠩ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠤᠨ ᠡᠷᠡᠭᠲᠡᠢ ᠶᠢᠨ | ᠭᠠᠭᠴᠠ ᠪᠠᠷ ᠴᠣᠬᠢᠬᠤ ᠤᠷᠤᠯᠳᠤᠭᠠᠨ ᠳᠤ ᠨᠢᠭᠡᠳᠦᠭᠡᠷ ᠲᠤ ᠣᠷᠣᠵᠠᠢ᠃ | ᠲᠡᠭᠦᠰᠬᠦ ᠶᠣᠰᠣᠯᠠᠯ ᠳᠡᠭᠡᠷ᠎ᠡ ᠪᠠᠰᠠ ᠪᠦᠬᠦ ᠠᠶᠢᠮᠠᠭ ᠤᠨ ︽ᠤᠯᠤᠰ ᠲᠥᠷᠥ ᠶᠢᠨ ᠵᠥᠪᠯᠡᠯᠭᠡᠨ ᠬᠤᠨᠳᠠᠭᠠᠲᠤ︾ | ᠫᠢᠩᠫᠠᠩ ᠪᠥᠮᠪᠦᠭᠡ ᠶᠢᠨ ᠤᠷᠤᠯᠳᠤᠭᠠᠨ ᠤ ᠲᠤᠭ ᠢ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠵᠠᠢ᠃ | | | | | | | | | | |