| 9 ᠰᠠᠷ᠎ᠠ ᠶᠢᠨ 22 ᠤᠨ ᠡᠳᠦᠷ᠂ ᠪᠦᠬᠦ ᠬᠤᠳᠠ ᠶᠢᠨ ᠤᠳᠤᠷᠢᠳᠬᠤ ᠺᠠᠳ᠋ᠷ ᠤᠨ ᠰᠠᠷᠠᠮᠵᠢ ᠶᠢᠨ ᠬᠥᠮᠦᠵᠢᠯ ᠤᠨ | ᠶᠡᠭᠡ ᠬᠤᠷᠠᠯ ᠬᠤᠷᠠᠯᠳᠤᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠳᠠ ᠶᠢᠨ ᠨᠠᠮ ᠤᠨ ᠬᠤᠷᠢᠶᠠᠨ ᠤ | ᠱᠦᠵᠢ ᠸᠠᠩ ᠰᠠᠨ ᠱᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ | ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠴᠣᠭᠵᠢᠯ ᠬᠤᠷᠠᠯ ᠳᠤ ᠣᠷᠣᠯᠴᠠᠪᠠ︔ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠭᠧᠩ ᡁᠢ | ᠵᠢᠶᠦ᠋ᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠪᠡ᠃ | | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ | ᠠᠵᠢᠯ ᠤᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠡᠷᠡᠭ ᠢᠶᠠᠷ ᠲᠤᠯᠢ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ︽ | ᠵᠠᠰᠠᠭ ᠪᠠᠷᠢᠬᠤ ᠶᠣᠰᠣ ᠰᠤᠷᠲᠠᠬᠤᠨ ᠢ ᠪᠠᠶᠢᠩᠭᠤ ᠵᠠᠰᠠᠵᠤ᠂ ᠪᠡᠶ᠎ᠡ ᠪᠠᠨ ᠪᠠᠷᠢᠬᠤ ᠰᠡᠳᠬᠢᠯᠭᠡ ᠶᠢ ᠪᠠᠶᠢᠩᠭᠤ ᠡᠪᠦᠷᠯᠡᠵᠦ | ᠂ ᠬᠤᠪᠳᠤᠭ ᠰᠢᠨᠤᠬᠠᠢ ᠶᠢᠨ ᠬᠤᠣᠷ ᠬᠥᠨᠥᠭᠡᠯ ᠢ ᠦᠷᠭᠦᠯᠵᠢ ᠪᠣᠳᠣᠯᠬᠢᠯᠠᠵᠤ︾᠂ ︽ᠵᠢᠷᠭᠤᠭᠠᠨ ᠶᠡᠭᠡ ᠰᠠᠬᠢᠯᠭ᠎ᠠ | ᠪᠠᠲᠤ︾ ᠶᠢ ᠴᠢᠩᠭ᠎ᠠ ᠵᠢᠷᠤᠮᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ | ᠲᠦᠷᠦ ᠶᠢᠨ ᠤᠤᠷ ᠴᠢᠨᠠᠷ ᠢᠶᠠᠨ ᠡᠭᠦᠷᠢᠳᠡ ᠪᠠᠲᠤᠯᠠᠬᠤ ᠬᠡᠷᠡᠭᠲᠡᠢ᠃ | ᠬᠤᠷᠠᠯ ᠠᠴᠠ᠂ ᠡᠷᠬᠡ ᠪᠠᠨ ᠭᠤᠣᠯᠴᠢ ᠪᠠᠷ ᠬᠡᠷᠡᠭᠯᠡᠬᠦ ᠶᠢ ᠢᠮᠠᠭᠲᠠ ᠪᠠᠷᠢᠮᠲᠠᠯᠠᠵᠤ᠂ ᠨᠠᠮᠴᠢ ᠴᠢᠨᠠᠷ ᠤᠨ | ᠪᠣᠯᠪᠠᠰᠤᠷᠠᠯ ᠢᠶᠠᠨ ᠴᠢᠩᠭᠠᠳᠬᠠᠵᠤ᠂ ᠦᠷᠳᠡᠭ ᠤᠨ ᠬᠥᠭᠡᠭᠡᠴᠡᠯᠳᠦᠯ ᠢᠶᠠᠨ ᠲᠥᠪ ᠪᠣᠯᠭᠠᠵᠤ᠂ ᠵᠥᠪ ᠡᠷᠬᠡ ᠶᠢᠨ | ᠦᠵᠡᠯᠲᠡ ᠶᠢᠨ ᠪᠠᠶᠢᠷᠢ ᠰᠠᠭᠤᠷᠢ ᠶᠢᠨ ᠦᠵᠡᠯᠲᠡ ᠠᠰᠢᠭ ᠲᠤᠰᠠ ᠶᠢᠨ ᠦᠵᠡᠯᠲᠡ ᠶᠢ ᠪᠤᠢ ᠪᠣᠯᠭᠠᠵᠤ᠂ ᠨᠠᠮ ᠤᠨ | ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠠᠳ ᠤᠨ ᠲᠥᠯᠥᠭᠡ ᠠᠰᠢᠭ ᠲᠤᠰᠠ ᠣᠯᠭᠤᠬᠤ ᠬᠡᠷᠡᠭᠲᠡᠢ᠃ | ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠪᠢᠰᠢᠷᠡᠨ ᠵᠢᠷᠦᠬᠡᠰᠢᠶᠡᠬᠦ ᠰᠡᠳᠬᠢᠯᠭᠡ ᠪᠠᠨ ᠡᠭᠦᠷᠢᠳᠡ | ᠬᠠᠳᠠᠭᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢ ᠪᠤᠢ ᠪᠣᠯᠭᠠᠬᠤ | ᠬᠡᠷᠡᠭᠲᠡᠢ᠃ ᠪᠡᠶ᠎ᠡ ᠪᠠᠨ ᠴᠢᠩᠭ᠎ᠠ ᠱᠠᠭᠠᠷᠳᠠᠵᠤ᠂ ᠨᠠᠷᠢᠨ ᠵᠦᠢᠯᠡᠰ ᠢ ᠴᠢᠬᠤᠯᠠᠴᠢᠯᠠᠵᠤ᠂ ᠵᠥᠪ ᠣᠨᠣᠪᠴᠢᠲᠠᠢ ᠲᠦᠷᠦᠯ | ᠰᠠᠳᠤᠨ ᠤ ᠰᠡᠳᠬᠢᠯᠭᠡ ᠶᠢᠨ ᠪᠣᠭᠤᠮᠲᠠ᠂ ᠨᠠᠶᠢᠵᠠᠯᠠᠬᠤ ᠦᠵᠡᠯᠲᠡ ᠶᠢ ᠪᠠᠶᠢᠭᠤᠯᠬᠤ ᠬᠡᠷᠡᠭᠲᠡᠢ᠃ ᠤᠬᠠᠮᠰᠠᠷ ᠠᠴᠠ ᠪᠠᠨ | ᠬᠢᠨᠠᠯᠲᠠ ᠶᠢ ᠬᠦᠯᠢᠶᠡᠵᠦ᠂ ᠬᠢᠨᠠᠯᠲᠠ ᠶᠢ ᠬᠦᠯᠢᠶᠡᠬᠦ ᠶᠢ ᠤᠯᠤᠰ ᠲᠦᠷᠦ ᠶᠢᠨ ᠤᠬᠠᠮᠰᠠᠷ ᠪᠣᠯᠭᠠᠵᠤ᠂ ᠢᠯᠵᠢᠷᠡᠯ ᠢ | ᠡᠰᠡᠷᠭᠦᠴᠡᠬᠦ ᠪᠠᠳᠦ ᠵᠣᠭᠰᠣᠯᠳᠠ ᠶᠢ ᠴᠢᠩᠭᠠᠳᠬᠠᠵᠤ᠂ ᠲᠥᠪ ᠴᠢᠬᠡᠴᠢ ᠰᠤᠷᠲᠠᠯ ᠢ ᠬᠠᠳᠠᠭᠠᠯᠠᠬᠤ ᠬᠡᠷᠡᠭᠲᠡᠢ᠃ | ᠴᠢᠩᠭ᠎ᠠ ᠬᠠᠮᠢᠶᠠᠷᠴᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠺᠠᠳ᠋ᠷ ᠤᠨ ᠬᠠᠮᠢᠶᠠᠷᠤᠯᠲᠠ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠺᠠᠳ᠋ᠷᠴᠤᠳ ᠤᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠢᠷᠡᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠰᠤᠷᠲᠠᠯ | ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠵᠤ᠂ | ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ | ᠪᠠᠲᠤᠯᠠᠭ᠎ᠠ ᠬᠠᠩᠭᠠᠬᠤ ᠬᠡᠷᠡᠭᠲᠡᠢ᠃ | ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ | ᠤᠳᠤᠷᠢᠳᠤᠯᠭ᠎ᠠ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠤᠳᠠ ᠶᠢᠨ ᠰᠢᠭᠤᠳ ᠬᠠᠷᠢᠶ᠎ᠠ᠂ | ᠬᠤᠳᠠ ᠳᠤ ᠰᠠᠭᠤᠭ᠎ᠠ ᠰᠠᠯᠠᠭ᠎ᠠ ᠮᠥᠴᠢᠷ ᠪᠣᠯᠤᠨ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |