| 9 ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠰᠠᠨ ᠱᠢ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2023 | ᠣᠨ ᠤ 26 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ | ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ | ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠷᠠᠯ ᠳᠤ ᠣᠷᠣᠯᠴᠠᠵᠤ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠰᠤᠯᠠ ᠣᠷᠣᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠢ ᠰᠠᠶᠢᠲᠤᠷ | ᠪᠡᠶᠡᠯᠡᠭᠦᠯᠬᠦ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠨ ᠤ ᠠᠵᠢᠯ ᠤᠨ ᠬᠠᠷᠠᠯᠲᠠ ᠪᠠᠨ | ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠡᠷᠢᠭᠦᠨ | ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠲᠣᠭᠠᠳᠤ ᠭᠠᠳᠠᠭᠠᠳᠤ ᠨᠡᠬᠡᠬᠡᠯᠳᠡ ᠶᠢᠨ | ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠤᠨᠢᠨ | ᠳᠡᠭᠡᠷ᠎ᠡ ᠨᠢ ᠰᠠᠶᠢᠲᠤᠷ ᠬᠢᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠤᠰᠠᠳᠬᠠᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠨᠧᠷᠭᠢ ᠶᠢ ᠭᠠᠳᠠᠭᠰᠢ ᠬᠦᠷᠭᠡᠬᠦ᠂ ᠲᠤᠰ ᠭᠠᠵᠠᠷ ᠣᠷᠣᠨ ᠤ ᠬᠤᠶᠠᠷ | ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ | ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ | ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ | ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠵᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠬᠠᠮᠢᠶ᠎ᠠ ᠪᠦᠬᠦᠢ ᠠᠵᠢᠯ ᠤᠨ | ᠲᠥᠰᠦᠯ ᠢ ᠰᠤᠳᠤᠯᠤᠨ ᠬᠢᠨᠠᠨ ᠵᠥᠪᠯᠡᠪᠡ᠃ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠪᠣᠯ ᠮᠠᠨ ᠤ | ᠬᠤᠲᠠ ᠶᠢᠨ ᠣᠳᠣᠬᠠᠨ ᠤ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠤᠨ᠎ᠠ᠃ | ᠬᠤᠷᠠᠯ ᠠᠴᠠ ᠰᠦᠨ ᠱᠤᠤ ᠴᠧᠩ᠂ ᠯᠢ ᠢᠦᠢ ᠭᠠᠩ ᠨᠥᠬᠦᠷ ᠤᠨ ᠪᠦᠬᠦ ᠣᠷᠣᠨ ᠤ ᠵᠣᠬᠢᠶᠠᠨ ᠪᠠᠶᠢᠭᠤᠯᠬᠤ | ᠠᠵᠢᠯ ᠤᠨ ᠬᠤᠷᠠᠯ ᠪᠣᠯᠤᠨ ᠵᠠᠩ ᠪᠠᠢ ᠴᠧᠩ ᠨᠥᠬᠦᠷ ᠤᠨ ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠠᠵᠢᠯ ᠤᠨ | ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ | ᠬᠤᠳᠠ ᠶᠢᠨ ᠵᠣᠬᠢᠶᠠᠨ ᠪᠠᠶᠢᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠦᠪᠰᠢᠶᠡᠷᠡᠭᠳᠡᠬᠦ ᠶᠢ ᠲᠦᠷᠭᠡᠨ ᠠᠬᠢᠭᠤᠯᠬᠤ᠂ ᠰᠠᠭᠤᠷᠢ | ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠠᠵᠢᠯᠯᠠᠭᠠᠨ ᠤ ᠪᠠᠶᠢᠭᠤᠯᠤᠮᠵᠢ ᠲᠣᠭᠲᠠᠴᠠ ᠶᠢ ᠰᠢᠨᠵᠢᠯᠡᠬᠦ ᠤᠬᠠᠭᠠᠨᠴᠢ ᠪᠠᠷ | ᠪᠠᠶᠢᠭᠤᠯᠬᠤ᠂ ᠨᠢᠭᠡ ᠴᠤᠬᠴᠠᠵᠢᠭᠤᠯᠤᠬᠰᠠᠨ ᠠᠷᠠᠯᠵᠢᠶᠠᠴᠢᠨ ᠤᠷᠢᠬᠤ ᠡᠵᠡᠩᠨᠡᠯᠲᠡ ᠶᠢ ᠠᠬᠢᠭᠤᠯᠬᠤ ᠲᠠᠯ᠎ᠠ ᠪᠠᠷ | ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ | ᠣᠷᠣᠨ ᠤ ᠪᠦᠳᠦᠭᠡᠨ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠲᠦᠷᠭᠡᠳᠬᠡᠨ ᠠᠬᠢᠭᠤᠯᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |