| | 9 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠤᠸᠠᠨ ᡁᠢ ᠴᠢᠶᠠᠩ ᠨᠠᠷ ᠮᠠᠨ ᠤ ᠬᠤᠲᠠ ᠶᠢᠨ ᠰᠢᠭᠦᠬᠦ | ᠬᠤᠷᠢᠶᠠᠨ ᠳᠤ ᠭᠦᠨᠵᠡᠭᠡᠶᠢᠷᠡᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠢ ᠪᠠᠶᠢᠴᠠᠭᠠᠨ ᠰᠤᠳᠤᠯᠵᠤ ᠵᠢᠭᠠᠨ | ᠵᠢᠯᠣᠭᠤᠳᠪᠠ᠃ | ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠸᠠᠩ | ᠶᠦᠩ ᠮᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠸᠠᠩ ᠰᠠᠨ ᠱᠢ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ | ᠳᠡᠳ᠋ ᠡᠷᠬᠢᠯᠡᠭᠴᠢ ᠴᠧ ᠱᠤ᠋ ᠷᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠨ ᠬᠤᠩ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | | | | ᠪᠠᠶᠢᠴᠠᠭᠠᠨ ᠰᠤᠳᠤᠯᠬᠤ ᠳᠤᠭᠤᠶᠢᠯᠠᠩ ᠨᠢ ᠬᠤᠲᠠ ᠶᠢᠨ ᠰᠢᠭᠦᠬᠦ ᠬᠤᠷᠢᠶᠠᠨ ᠤ ︽ᠨᠠᠮ ᠤᠨ ᠲᠡᠦᠬᠡ᠂ ᠰᠢᠭᠦᠬᠦ | ᠬᠤᠷᠢᠶᠠᠨ ᠤ ᠰᠣᠶᠣᠯ᠂ ᠠᠷᠢᠭᠤᠨ ᠴᠢᠬᠡᠴᠢ ᠰᠣᠶᠣᠯ᠂ ᠦᠨᠳᠦᠰᠦᠲᠡᠨ ᠤ ᠪᠦᠯᠬᠦᠮᠳᠡᠯ ᠳᠠᠪᠰᠢᠯᠲᠠ︾ ᠶᠢᠨ | ᠶᠡᠷᠦᠩᠬᠡᠶᠢᠯᠡᠭᠰᠡᠨ ᠦᠵᠡᠭᠦᠯᠭᠡ ᠶᠢᠨ ᠲᠢᠩᠬᠢᠮ᠂ ᠵᠠᠷᠭᠤ ᠶᠢᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠬᠠᠷᠢᠭᠤ | ᠮᠡᠳᠡᠭᠦᠯᠦᠯᠲᠡ ᠰᠣᠨᠣᠰᠬᠤ᠂ ᠲᠤᠬᠠᠶ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠷᠢᠶᠡᠨ ᠰᠢᠭᠦᠬᠦ ᠬᠤᠷᠢᠶ᠎ᠠ ᠶᠢᠨ ᠰᠢᠭᠦᠨ ᠲᠠᠰᠤᠯᠵᠤ ᠬᠦᠢᠴᠡᠳᠬᠡᠬᠦ ᠡᠭᠦᠷᠭᠡ ᠴᠢᠳᠠᠪᠤᠷᠢ ᠪᠠᠨ | ᠬᠦᠢᠴᠡᠳᠬᠡᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠵᠢᠴᠢ ︽ | ᠨᠢᠭᠡ ᠥᠷᠲᠡᠭᠡᠨ ᠤ ᠮᠠᠶ᠋ᠢᠭ︾ ᠤᠨ ᠵᠢᠭᠤᠷᠭᠠᠨ ᠢ ᠰᠢᠢᠳᠪᠣᠷᠢᠯᠡᠬᠦ ᠪᠠ ᠵᠠᠷᠭᠤ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ᠂ ᠣᠶᠤᠨᠴᠢ ᠰᠢᠭᠦᠬᠦ ᠬᠤᠷᠢᠶ᠎ᠠ ᠶᠢᠨ ᠪᠠᠶᠢᠭᠤᠯᠤᠯᠲᠠ ᠵᠡᠷᠭᠡ ᠠᠵᠢᠯ ᠢ ᠨᠠᠷᠢᠨ ᠣᠶᠢᠯᠠᠭᠠᠪᠠ᠃ | | | | | | ᠪᠠᠶᠢᠴᠠᠭᠠᠨ ᠰᠤᠳᠤᠯᠤᠯᠲᠠ ᠶᠢᠨ ᠳᠤᠮᠳᠠ᠂ ᠳ᠋ᠤᠸᠠᠨ ᡁᠢ ᠴᠢᠶᠠᠩ ᠮᠠᠨ ᠤ ᠬᠤᠲᠠ ᠶᠢᠨ ︽ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ + ᠣᠨᠴᠠ ᠤᠷᠢᠭᠰᠠᠨ ᠡᠶᠡᠳᠡᠭᠦᠯᠦᠭᠴᠢ︾ ᠶᠢᠨ ᠣᠯᠠᠨ | ᠡᠰᠢᠲᠦ ᠬᠤᠯᠪᠣᠭᠠᠯᠠᠨ ᠡᠶᠡᠳᠡᠭᠦᠯᠬᠦ ᠲᠠᠰᠤᠭ᠂ ︽ᠵᠠᠩ ᠣᠪᠣᠭᠳᠦ︾ ᠶᠢᠨ ᠡᠶᠡᠳᠡᠭᠦᠯᠬᠦ ᠲᠠᠰᠤᠭ᠂ ︽ᠠᠨᠠᠷ ᠤᠨ | ᠦᠷ᠎ᠡ︾ ᠵᠠᠷᠭᠤ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠡᠩᠨᠡᠭᠡ ᠶᠢᠨ ᠪᠠᠶᠢᠭᠤᠯᠤᠯᠲᠠ᠂ ᠭᠥᠯᠢᠶᠡᠨ | ᠠᠪᠬᠤ ᠲᠤᠭ᠎ᠠ ᠬᠡᠮᠵᠢᠶ᠎ᠡ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠪᠠᠶᠢᠳᠠᠯ ᠢ ᠨᠠᠷᠢᠨ | ᠠᠰᠠᠭᠤᠨ ᠣᠶᠢᠯᠠᠭᠠᠵᠤ᠂ ᠮᠠᠨ ᠤ ᠬᠤᠲᠠ ᠶᠢᠨ ᠵᠠᠷᠭᠤ ᠪᠠ ᠡᠶᠡᠳᠡᠭᠦᠯᠭᠡ ᠶᠢ ᠵᠣᠯᠭᠠᠭᠤᠯᠬᠤ ᠣᠯᠠᠨ ᠡᠰᠢᠴᠢᠯᠡᠭᠰᠡᠨ | ᠲᠣᠭᠲᠠᠴᠠ ᠶᠢ ᠲᠡᠭᠦᠯᠳᠡᠷᠵᠢᠭᠦᠯᠬᠦ᠂ ᠨᠠᠷᠠᠲᠤ ᠲᠡᠮᠳᠡᠭ ᠡᠶᠡᠳᠡᠭᠦᠯᠬᠦ ᠠᠵᠢᠯ ᠤᠨ ᠲᠠᠰᠤᠭ ᠢ ᠪᠣᠶ ᠪᠣᠯᠭᠠᠬᠤ᠂ | ᠵᠠᠷᠭᠤ ᠶᠢᠨ ᠢᠷᠡᠯᠲᠡ ᠶᠢᠨ ᠵᠠᠰᠠᠯᠲᠠ ᠶᠢᠨ ᠠᠵᠢᠯ ᠢ ᠴᠢᠩᠭᠠᠳᠬᠠᠬᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ | ᠵᠠᠰᠠᠯᠲᠠ ᠶᠢ ᠠᠬᠢᠭᠤᠯᠬᠤ ᠵᠡᠷᠭᠡ ᠲᠠᠯ᠎ᠠ ᠶᠢᠨ ᠦᠢᠯᠡᠳᠦᠯᠭᠡ ᠶᠢᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ | ᠲᠡᠷᠡ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠰᠢᠨ᠎ᠡ ᠪᠠᠶᠢᠳᠠᠯ ᠰᠢᠨ᠎ᠡ ᠴᠠᠭ ᠦᠶ᠎ᠡ ᠶᠢᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠠᠵᠢᠯ ᠤᠨ ᠲᠤᠬᠠᠶ | ᠲᠠᠨᠢᠯᠲᠠ ᠪᠠᠨ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠣᠯᠠᠨ ᠲᠦᠮᠡᠨ ᠲᠠᠢ ᠥᠷᠭᠡᠨ ᠢᠶᠠᠷ ᠨᠢᠭᠲᠠ ᠬᠠᠷᠢᠯᠴᠠᠬᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠨᠡᠪᠲᠡᠷᠡᠭᠦᠯᠬᠦ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠰᠢᠭᠦᠬᠦ ᠬᠤᠷᠢᠶᠠᠨ ᠤ ᠬᠠᠤᠯᠢ ᠴᠠᠭᠠᠵᠠ ᠶᠢᠨ ᠤᠯᠠᠨ | ᠨᠡᠶᠢᠲᠡ ᠶᠢ ᠢᠲᠡᠭᠡᠭᠦᠯᠬᠦ ᠬᠦᠴᠦᠨ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠨᠥᠯᠥᠭᠡᠯᠡᠬᠦ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠶᠢᠨ | ᠲᠠᠯ᠎ᠠ ᠪᠠᠷ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠠᠷᠠᠳ ᠤᠨ ᠰᠠᠨᠠᠯ ᠢ ᠰᠣᠨᠣᠰᠴᠤ ᠠᠷᠠᠳ ᠤᠨ ᠵᠣᠪᠠᠨᠢᠯ ᠢ | ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠡ ᠳᠤᠨᠢ | ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠠᠭᠠᠯᠳᠤᠬᠤ ᠠᠴᠠ ᠡᠮᠦᠨ᠎ᠡ ᠪᠠᠭᠠᠰᠬᠠᠬᠤ ᠬᠡᠷᠡᠭᠲᠡᠢ︔ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠨᠡᠩ ᠰᠠᠶᠢᠲᠤᠷ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠬᠠᠶ | ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ | ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ | ᠬᠠᠤᠯᠢᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃ | |