ᠡᠷᠢᠶᠡᠨ ᠪᠣᠭᠤᠮᠲᠠ ᠨᠢ ᠡᠨᠡ ᠵᠢᠯ ᠤᠨ ᠠᠩᠬᠠᠳᠠᠭᠴᠢ ᠪᠦᠯᠦᠭ ᠤᠯᠤᠰ ᠲᠠᠭᠠᠨ ᠦᠢᠯᠡᠳᠪᠦᠷᠢᠯᠡᠭᠰᠡᠨ ᠨᠠᠶᠢᠳᠠ ᠶᠢᠨ ᠮᠠᠰᠢᠨ ᠲᠡᠷᠭᠡ ᠶᠢ ᠭᠠᠷᠭᠠᠪᠠ
ᠨᠡᠶᠢᠲᠡᠯᠡᠭᠰᠡᠨ ᠴᠠᠭ᠄
2023/9/26
          ᠣᠶᠢᠷ᠎ᠠ ᠳᠤ᠂ ᠳᠤᠮᠳᠠᠳᠤ ᠤᠯᠤᠰ ᠲᠤ ᠦᠢᠯᠡᠳᠪᠦᠷᠢᠯᠡᠭᠰᠡᠨ 55 ᠨᠡᠶᠢᠲᠡ ᠶᠢᠨ ᠮᠠᠰᠢᠨ ᠲᠡᠷᠭᠡ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠶᠢᠨ ᠣᠶᠤᠨᠴᠢ ᠪᠣᠭᠤᠮᠲᠠ ᠪᠠᠷ ᠠᠯᠭᠤᠷᠬᠠᠨ ᠥᠩᠭᠡᠷᠡᠵᠦ᠂ ᠮᠣᠩᠭᠤᠯ ᠤᠯᠤᠰ ᠤᠨ ᠤᠯᠠᠭᠠᠨᠪᠠᠭᠠᠲᠤᠷ ᠲᠤ ᠬᠥᠷᠪᠡ᠃ ᠡᠨᠡ ᠪᠣᠯ ᠡᠨᠡ ᠵᠢᠯ ᠠᠴᠠ ᠨᠠᠰᠢ ᠡᠷᠢᠶᠡᠨ ᠪᠣᠭᠤᠮᠲᠠ ᠪᠠᠷ ᠮᠣᠩᠭᠤᠯ ᠤᠯᠤᠰ ᠲᠤ ᠭᠠᠷᠭᠠᠭᠰᠠᠨ ᠠᠩᠬᠠᠳᠠᠭᠴᠢ ᠨᠡᠶᠢᠲᠡ ᠶᠢᠨ ᠮᠠᠰᠢᠨ ᠲᠡᠷᠭᠡ ᠪᠣᠯᠤᠨ᠎ᠠ᠃    
  ᠡᠨᠡ ᠤᠳᠠᠭ᠎ᠠ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠥᠩᠭᠡᠷᠡᠬᠦ 55 ᠨᠡᠶᠢᠲᠡ ᠶᠢᠨ ᠮᠠᠰᠢᠨ ᠲᠡᠷᠭᠡ ᠶᠢ ᠴᠥᠮ ᠨᠠᠨᠵᠢᠩ ᠤᠨ ᠶᠢᠨ ᠯᠦᠩ ᠮᠠᠰᠢᠨ ᠲᠡᠷᠭᠡᠨ ᠤ ᠺᠣᠮᠫᠠᠨᠢ ᠦᠢᠯᠡᠳᠪᠦᠷᠢᠯᠡᠵᠦ᠂ ᠲᠡᠷᠭᠡᠨ ᠬᠡᠯᠪᠡᠷᠢ ᠳᠤ ᠳᠣᠰᠣᠨ ᠤ ᠰᠢᠲᠠᠭᠠᠯᠭ᠎ᠠ ᠶᠢᠨ ᠮᠠᠰᠢᠨ ᠲᠡᠷᠭᠡ ᠪᠠ ᠲᠣᠰᠣ ᠴᠠᠬᠢᠯᠭᠠᠨ ᠤ ᠬᠤᠯᠢᠮᠠᠭ ᠮᠠᠰᠢᠨ ᠲᠡᠷᠭᠡ ᠪᠠᠭᠲᠠᠨ᠎ᠠ᠃ ᠦᠢᠯᠡᠳᠪᠦᠷᠢᠯᠡᠯ ᠢᠶᠠᠷ ᠭᠠᠳᠠᠭᠠᠳᠤ ᠳᠤ ᠭᠠᠷᠭᠠᠬᠤ ᠲᠥᠯᠥᠪᠯᠡᠯᠭᠡ ᠶᠣᠰᠣᠭᠠᠷ ᠵᠢᠯ ᠤᠨ ᠳᠣᠲᠣᠷ᠎ᠠ ᠪᠠᠰᠠ 45 ᠮᠠᠰᠢᠨ ᠲᠡᠷᠭᠡ ᠵᠥᠭᠡᠭᠡᠪᠦᠷᠢᠯᠡᠨ᠎ᠡ᠃    ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠭᠠᠳᠠᠭᠠᠳᠤ ᠳᠤ ᠭᠠᠷᠭᠠᠬᠤ ᠲᠠᠸᠠᠷ ᠤᠨ ᠲᠡᠷᠭᠡ ᠶᠢ ᠨᠡᠶᠢᠲᠡ 5784 ᠪᠠᠶᠢᠴᠠᠭᠠᠨ ᠭᠠᠷᠭᠠᠵᠤ᠂ ᠭᠤᠤᠯᠳᠠᠭᠤ ᠬᠦᠨᠳᠦ ᠮᠠᠰᠢᠨ᠂ ᠰᠢᠤᠢ ᠬᠦᠩ ᠵᠡᠷᠭᠡ ᠲᠡᠭᠡᠭᠡᠪᠦᠷᠢ ᠶᠢᠨ ᠲᠡᠷᠭᠡ ᠪᠠ ᠢᠨᠵᠧᠨᠧᠷᠢᠩ ᠤᠨ ᠲᠡᠷᠭᠡ ᠵᠢᠴᠢ ᠵᠢᠢ ᠯᠢ᠂ ᠴᠠᠩ ᠠᠨ᠂ ᠪᠢᠶᠠᠳᠢ ᠵᠡᠷᠭᠡ ᠤᠯᠤᠰ ᠤᠨ ᠦᠢᠯᠡᠳᠬᠡᠯ ᠤᠨ ᠨᠠᠷᠠᠲᠤ ᠲᠡᠮᠳᠡᠭᠲᠦ ᠬᠡᠷ ᠤᠨ ᠬᠡᠷᠡᠭᠯᠡᠭᠡᠨ ᠤ ᠡᠩ ᠤᠨ ᠰᠡᠦᠬᠡ ᠲᠡᠷᠭᠡ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠶᠢ ᠪᠠᠭᠲᠠᠭᠠᠪᠠ᠃    
  ᠤᠯᠤᠰ ᠤᠨ ᠳᠣᠲᠣᠭᠠᠳᠤ ᠶᠢᠨ ᠲᠡᠷᠭᠡ ᠬᠥᠰᠬᠡ ᠶᠢᠨ ᠭᠠᠳᠠᠭᠠᠳᠤ ᠳᠤ ᠤᠷᠤᠭᠰᠢᠲᠠᠶ ᠭᠠᠷᠬᠤ ᠶᠢ ᠳᠡᠮᠵᠢᠵᠦ᠂ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠬᠦ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ᠲᠠᠸᠠᠷ ᠤᠨ ᠲᠡᠷᠭᠡ ᠶᠢ ᠲᠦᠷᠭᠡᠨ ᠭᠠᠳᠠᠭᠠᠳᠤ ᠳᠤ ᠭᠠᠷᠭᠠᠬᠤ ︽ᠰᠠᠭᠠᠳ ᠥᠬᠡᠶ ᠨᠡᠪᠲᠡᠷᠡᠬᠦ ᠵᠠᠮ︾ ᠤᠨ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠭᠠᠷᠭᠠᠵᠤ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠶᠢ ᠴᠠᠭ ᠲᠤᠬᠠᠶ ᠳᠤᠨᠢ ᠵᠣᠯᠭᠠᠭᠤᠯᠤᠨ ᠵᠢᠯᠣᠭᠤᠳᠴᠤ᠂ ᠭᠠᠳᠠᠭᠠᠳᠤ ᠳᠤ ᠭᠠᠷᠭᠠᠬᠤ ᠨᠡᠶᠢᠲᠡ ᠶᠢᠨ ᠮᠠᠰᠢᠨ ᠲᠡᠷᠭᠡᠨ ᠤ ᠠᠵᠤ ᠠᠬᠤᠶᠢᠯᠠᠯ ᠳᠤ ︽ᠪᠡᠶ᠎ᠡ ᠶᠢᠨ ᠪᠠᠶᠢᠳᠠᠯ ᠢ ᠬᠡᠮᠵᠢᠵᠦ ᠬᠤᠪᠴᠠᠰᠤ ᠡᠰᠬᠡᠬᠦ︾ ᠬᠡᠯᠪᠡᠷᠢ ᠶᠢᠨ ᠦᠢᠯᠡᠴᠢᠯᠡᠭᠡ ᠶᠢ ᠢᠳᠡᠪᠬᠢᠲᠡᠶ ᠬᠠᠩᠭᠠᠵᠤ᠂ ᠪᠣᠭᠤᠮᠲᠠ ᠪᠠᠷ ᠥᠩᠭᠡᠷᠡᠬᠦ ᠬᠦᠴᠢᠷ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ᠂ ᠭᠠᠳᠠᠭᠠᠳᠤ ᠳᠤ ᠭᠠᠷᠭᠠᠬᠤ ᠲᠡᠷᠭᠡ ᠬᠥᠰᠬᠡ ᠶᠢᠨ ᠲᠦᠷᠭᠡᠨ ᠪᠥᠭᠡᠳ ᠥᠨᠳᠥᠷ ᠪᠦᠲᠦᠮᠵᠢᠲᠡᠶ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号