【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠲᠦᠷᠦᠭᠦᠤ 8 ᠰᠠᠷ᠎ᠠ ᠳᠤ ᠡᠷᠢᠶᠡᠨ ᠪᠣᠭᠤᠮᠲᠠ ᠶᠢᠨ ᠨᠡᠭᠦᠷᠡᠰᠦᠨ ᠤ ᠭᠠᠳᠠᠭᠠᠳᠤ ᠠᠴᠠ ᠣᠷᠣᠭᠤᠯᠬᠤ ᠬᠡᠮᠵᠢᠶ᠎ᠡ ᠢᠯᠡᠳᠲᠡ ᠨᠡᠮᠡᠭᠳᠡᠪᠡ
ᠨᠡᠶᠢᠲᠡᠯᠡᠭᠰᠡᠨ ᠴᠠᠭ᠄
2023/9/26
  ᠡᠨᠡ ᠵᠢᠯ ᠤᠨ ᠲᠦᠷᠦᠭᠦᠦ 8 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 261.9 ᠲᠦᠮᠡᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 95.8 ᠪᠠᠷ ᠨᠡᠮᠡᠭᠳᠡᠪᠡ︔ ᠦᠨ᠎ᠡ ᠥᠷᠲᠡᠭ 18.3 ᠳ᠋ᠦᠩᠱᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.3% ᠪᠠᠷ ᠨᠡᠮᠡᠭᠳᠡᠪᠡ᠃    
   ᠤᠯᠤᠰ ᠤᠨ ᠳᠣᠲᠣᠭᠠᠳᠤ ᠶᠢᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠳᠣᠯᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠲᠦᠷᠢᠮ ᠤᠨ ᠵᠥᠪᠯᠡᠯ ᠠᠴᠠ 2023 ᠣᠨ ᠤ 4 ᠰᠠᠷ᠎ᠠ ᠶᠢᠨ 1 ᠤ ᠡᠳᠦᠷ ᠠᠴᠠ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠭᠠᠳᠠᠭᠠᠳᠦ ᠠᠴᠠ ᠣᠷᠣᠭᠤᠯᠬᠤ ᠨᠡᠭᠦᠷᠡᠰᠦᠨ ᠤ ᠲᠢᠭ ᠭᠠᠶᠢᠯᠢ ᠶᠢᠨ ᠨᠣᠷᠮ᠎ᠠ ᠶᠢ ᠦᠷᠭᠦᠯᠵᠢᠯᠡᠨ ᠬᠡᠷᠡᠭᠵᠢᠬᠦᠯᠬᠦ ᠶᠢ ᠲᠣᠭᠲᠠᠪᠠ᠃ ᠡᠭᠦᠨ ᠤ ᠬᠠᠮᠲᠤ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦᠨ ᠤ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠢᠲᠡᠭᠡᠮᠵᠢ ᠣᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠭᠠᠳᠠᠭᠠᠳᠤ ᠠᠴᠠ ᠣᠷᠣᠭᠤᠯᠤᠭᠰᠠᠨ ᠤ ᠳᠠᠷᠠᠭᠠᠬᠢ ᠥᠯᠢᠭᠡᠷ ᠠᠪᠬᠤ ᠰᠢᠨᠵᠢᠯᠡᠨ ᠰᠢᠯᠭᠠᠬᠤ ᠬᠠᠷᠢᠴᠠᠯ ᠢ ᠪᠠᠭᠤᠷᠠᠭᠤᠯᠵᠤ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠪᠣᠭᠤᠮᠲᠠ ᠪᠠᠷ ᠥᠩᠭᠡᠷᠡᠬᠦ ᠴᠠᠭ ᠢ ᠶᠡᠭᠡ ᠪᠠᠷ ᠪᠣᠭᠤᠨᠢᠰᠬᠠᠵᠤ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠠᠰᠬᠠᠵᠤ᠂ ᠪᠣᠭᠤᠮᠲᠠ ᠶᠢᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠢᠳᠡᠪᠬᠢᠵᠢᠯ ᠶᠡᠭᠡ ᠪᠠᠷ ᠨᠡᠮᠡᠭᠳᠡᠪᠡ᠃    ᠥᠪᠥᠷ ᠮᠣᠩᠭᠤᠯ ᠤᠨ ᠨᠢᠭᠡᠳᠦᠭᠡᠷ ᠵᠢᠷᠤᠭ ᠤᠨ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠣᠷᠣᠯᠠᠬᠤ ᠬᠢᠵᠠᠭᠠᠷᠲᠤ ᠺᠣᠮᠫᠠᠨᠢ ᠯᠢ ᠭᠠᠩ᠄ ︽ᠲᠦᠷ ᠴᠠᠭ ᠤᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠬᠦ ᠠᠴᠠ ᠡᠮᠦᠨ᠎ᠡ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠠᠴᠠ 3% - 6% ᠶᠢᠨ ᠭᠠᠳᠠᠭᠠᠳᠤ ᠠᠴᠠ ᠣᠷᠣᠭᠤᠯᠤᠭᠰᠠᠨ ᠪᠣᠭᠤᠮᠲᠠ ᠶᠢᠨ ᠭᠠᠶᠢᠯᠢ ᠳᠠᠳᠠᠪᠣᠷᠢᠯᠠᠵᠦ ᠪᠠᠶᠢᠪᠠ᠃ ᠮᠠᠨ ᠤ ᠺᠣᠮᠫᠠᠨᠢ ᠪᠠᠷ ᠵᠢᠱᠢᠶᠡᠯᠡᠪᠡᠯ᠂ ᠵᠢᠯ ᠪᠦᠷᠢ ᠣᠷᠣᠯᠠᠨ ᠣᠷᠣᠭᠤᠯᠤᠭᠰᠠᠨ ᠨᠡᠭᠦᠷᠡᠰᠦ ᠪᠠᠷᠤᠭ 100 ᠲᠦᠮᠡᠨ ᠲᠣᠨ ᠳᠡᠭᠡᠷ᠎ᠡ ᠳᠣᠤᠷ᠎ᠠ ᠪᠠᠶᠢᠵᠤ᠂ ᠲᠦᠷ ᠲᠣᠭᠲᠠᠭᠠᠭᠰᠠᠨ ᠭᠠᠶᠢᠯᠢ ᠶᠢᠨ ᠨᠣᠷᠮ᠎ᠠ ᠶᠢᠨ ᠬᠡᠷᠡᠭᠵᠢᠭᠦᠯᠦᠯᠲᠡ ᠶᠢ ᠳᠠᠭᠠᠯᠳᠤᠨ᠂ ᠵᠢᠱᠢᠯᠲᠡ ᠪᠠᠷ ᠵᠢᠯ ᠤᠨ ᠳᠣᠲᠣᠷ᠎ᠠ ᠪᠠᠷᠤᠭ 2200 ᠲᠦᠮᠡᠨ ᠲᠥᠭᠦᠷᠢᠭ ᠠᠴᠠ ᠳᠡᠭᠡᠭᠰᠢ ᠭᠠᠶᠢᠯᠢ ᠶᠢᠨ ᠵᠣᠭᠤᠰ ᠢ ᠠᠷᠪᠢᠯᠠᠨ᠎ᠠ᠃ ᠪᠢᠳᠡ ᠦᠨᠡᠨ ᠪᠣᠳᠠᠲᠠᠢ ᠠᠰᠢᠭ ᠬᠦᠷᠲᠡᠵᠡᠢ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号