| 9 ᠰᠠᠷ᠎ᠠ ᠶᠢᠨ 26 ᠤ ᠡᠳᠦᠷ᠂ ᠮᠠᠨ ᠤ ᠬᠤᠲᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ | ᠬᠤᠷᠠᠯ ᠤᠨ ᠶᠢᠰᠦᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ | ᠭᠤᠤᠯ ᠠᠶᠢᠮᠠᠭ ᠤᠨ ᠬᠠᠮᠢᠶ᠎ᠠ ᠪᠥᠬᠦᠶ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠪᠥᠬᠦ ᠬᠤᠲᠠ ᠶᠢᠨ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠰᠠᠨᠠᠯ ᠢ ᠵᠠᠷᠯᠠᠨ ᠮᠡᠳᠡᠭᠳᠡᠵᠦ᠂ ᠲᠠᠷᠠᠭᠠᠴᠢ ᠶᠢᠨ ᠠᠯᠬᠤᠮ ᠤᠨ | ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠤ᠂ ᠬᠤᠲᠠ ᠶᠢᠨ ᠤᠳᠤᠷᠢᠳᠤᠯᠭ᠎ᠠ ᠴᠧᠨ ᠢᠦᠶ ᠴᠧᠩ᠂ ᠸᠠᠩ ᠳ᠋ᠦᠩ ᠱᠧᠩ᠂ ᠵᠠᠩ ᠶᠦᠩ ᡁᠢ᠂ | ᠰᠢᠯᠢᠨᠪᠠᠭᠠᠳᠣᠷ ᠬᠤᠷᠠᠯ ᠳᠤ ᠣᠷᠣᠯᠴᠠᠵᠠᠶ᠃ | ᠬᠤᠷᠠᠯ ᠠᠴᠠ᠂ ᠪᠠᠶᠢᠳᠠᠯ ᠢ ᠲᠣᠳᠣᠷᠬᠠᠢ ᠲᠠᠨᠢᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ | ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ | ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠢ ᠪᠦᠬᠦ | ᠬᠦᠴᠦᠨ ᠢᠶᠠᠷ ᠠᠬᠢᠭᠤᠯᠵᠤ᠂ ︽ᠵᠢᠭᠰᠠᠭᠠᠨ ᠪᠠᠶᠢᠴᠠᠭᠠᠵᠤ ᠡᠮᠬᠢᠯᠡᠬᠦ᠂ ᠲᠥᠪᠯᠡᠷᠡᠭᠦᠯᠦᠨ ᠰᠢᠢᠳᠪᠦᠷᠢᠯᠡᠬᠦ᠂ | ᠲᠣᠭᠲᠠᠭᠤᠨ ᠡᠵᠡᠮᠳᠡᠬᠦ ᠶᠢ ᠳ᠋ᠦᠩᠨᠡᠬᠦ︾ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ︽ᠭᠤᠷᠪᠠ ᠶᠢ | ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠪᠣᠯᠤᠨ ︽ᠬᠡᠷᠡᠭ ᠶᠠᠪᠤᠳᠠᠯ ᠳᠤ ᠰᠡᠳᠬᠢᠯ | ᠵᠢᠷᠦᠬᠡ ᠪᠠᠨ ᠬᠤᠯᠪᠣᠬᠤ᠂ ᠰᠡᠳᠬᠢᠯ ᠰᠡᠳᠬᠢᠯ ᠠᠴᠠ ᠪᠠᠨ ᠮᠡᠳᠡᠷᠡᠬᠦ᠂ ᠵᠠᠭᠠᠯᠳᠤᠯᠭ᠎ᠠ ᠶᠢ ᠵᠣᠭᠰᠣᠭᠠᠵᠤ | ᠰᠤᠷᠪᠤᠯᠵᠢᠯᠠᠬᠤ ᠶᠢ ᠵᠣᠭᠰᠣᠭᠠᠬᠤ︾ ᠪᠠᠷᠢᠮᠵᠢᠶ᠎ᠠ ᠶᠣᠰᠣᠭᠠᠷ᠂ ᠵᠠᠷᠢᠮ ᠳᠠᠷᠤᠭᠳᠠᠮᠠᠯ ᠬᠡᠷᠡᠭ ᠵᠢᠴᠢ ᠭᠤᠣᠯᠳᠠᠯᠭ᠎ᠠ ᠲᠠᠢ | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠳᠤ ᠨᠢᠭᠡ ᠶᠠᠪᠤᠳᠠᠯ ᠢ ᠨᠢᠭᠡ ᠵᠥᠪᠯᠡᠵᠦ᠂ ᠨᠢᠭᠡ ᠬᠡᠷᠡᠭ ᠢ ᠨᠢᠭᠡ ᠠᠷᠭ᠎ᠠ | ᠪᠤᠳᠤᠯᠭ᠎ᠠ ᠬᠡᠷᠡᠭᠵᠢᠭᠦᠯᠵᠦ᠂ ᠬᠡᠷᠡᠭ ᠳᠠᠷᠠᠭᠠᠯᠠᠨ ᠰᠤᠳᠤᠯᠤᠨ ᠮᠠᠭᠠᠳᠯᠠᠵᠤ ᠵᠠᠳᠠᠯᠵᠤ᠂ ᠬᠡᠷᠡᠭ ᠳᠠᠷᠠᠭᠠᠯᠠᠨ | ᠰᠢᠢᠳᠪᠦᠷᠢᠯᠡᠬᠦ ᠠᠷᠭ᠎ᠠ ᠬᠡᠮᠵᠢᠶ᠎ᠡ᠂ ᠰᠢᠢᠳᠪᠦᠷᠢᠯᠡᠬᠦ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠢᠢᠳᠪᠦᠷᠢᠯᠡᠬᠦ ᠶᠢ | ᠦᠨᠡᠨ ᠬᠦ ᠪᠠᠲᠤᠯᠠᠬᠤ ᠬᠡᠷᠡᠭᠲᠡᠢ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ | ᠭᠦᠢᠴᠡᠳᠬᠡᠵᠦ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠰᠤᠷᠪᠤᠯᠵᠢᠯᠠᠭ᠎ᠠ ᠶᠢ ᠬᠦᠯᠢᠶᠡᠨ ᠠᠪᠴᠤ᠂ | ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ ᠰᠤᠷᠪᠤᠯᠵᠢᠯᠠᠨ᠂ ᠬᠡᠷᠡᠭ ᠢ ᠳᠠᠭᠤᠰᠬᠠᠨ ᠬᠠᠷᠢᠭᠤ ᠰᠤᠷᠪᠤᠯᠵᠢᠯᠠᠵᠤ᠂ | ᠬᠦᠴᠢᠷ ᠲᠦᠪᠡᠭᠲᠡᠢ ᠪᠠ ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ︽ᠪᠠᠭ᠎ᠠ | ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠬᠤᠳᠠ ᠠᠴᠠ ᠭᠠᠷᠭᠠᠬᠤ ᠦᠭᠡᠢ᠂ ᠵᠥᠷᠢᠴᠡᠯ ᠢ | ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠬᠢᠭᠰᠡᠳ ᠢ | ᠬᠡᠯᠡᠵᠦ ᠪᠢᠰᠢᠷᠡᠭᠦᠯᠬᠦ ᠬᠥᠮᠦᠵᠢᠯ ᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠲᠠᠶᠢᠯᠪᠤᠷᠢᠯᠠᠯᠲᠠ ᠶᠢ | ᠬᠦᠯᠢᠴᠡᠩᠭᠦᠢ ᠪᠥᠭᠡᠳ ᠨᠠᠷᠢᠨ ᠨᠢᠮᠪᠠᠢ ᠰᠠᠶᠢᠲᠤᠷ ᠬᠢᠵᠦ᠂ ᠰᠤᠷᠪᠤᠯᠵᠢᠯᠠᠯ ᠬᠢᠭᠰᠡᠳ ᠢ ᠬᠦᠳᠦᠯᠦᠨ ᠵᠢᠯᠣᠭᠤᠳᠴᠤ | ᠪᠠᠶᠢᠭᠠᠳ ᠵᠦᠢ ᠶᠣᠰᠣᠴᠢ ᠪᠥᠭᠡᠳ ᠬᠠᠤᠯᠢ ᠶᠣᠰᠣᠨ ᠤ ᠠᠷᠭ᠎ᠠ ᠬᠡᠯᠪᠡᠷᠢ ᠪᠠᠷ ᠠᠰᠢᠭ ᠲᠤᠰᠠ ᠶᠢᠨ ᠭᠤᠮᠣᠳᠠᠯ | ᠱᠠᠭᠠᠷᠳᠠᠯᠭ᠎ᠠ ᠪᠠᠨ ᠢᠯᠡᠳᠬᠡᠵᠦ᠂ ᠵᠥᠷᠢᠴᠡᠯ ᠪᠠ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠬᠡᠷᠡᠭᠲᠡᠢ᠃ | ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠢᠳᠬᠠᠯ ᠢ ᠰᠣᠨᠣᠰᠬᠤ ᠦᠭᠡᠢ᠂ ᠮᠠᠭᠤ ᠰᠠᠨᠠᠭ᠎ᠠ ᠪᠠᠷ ᠥᠳᠥᠭᠡᠬᠦ᠂ | ᠬᠡᠷᠡᠭ ᠦᠢᠯᠡᠳᠬᠦ ᠵᠡᠷᠭᠡ ᠦᠢᠯᠡ ᠠᠵᠢᠯᠯᠠᠭ᠎ᠠ ᠳᠤ ᠵᠣᠷᠢᠭ ᠰᠢᠭᠤᠳᠴᠤ᠂ ᠬᠦᠴᠦᠲᠡᠶ ᠴᠣᠬᠢᠯᠲᠠ ᠥᠭᠴᠦ ᠵᠠᠰᠠᠵᠤ᠂ | ᠬᠡᠪ ᠤᠨ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠦᠨᠡᠨ ᠬᠦ ᠬᠠᠮᠠᠭᠠᠯᠠᠬᠤ ᠬᠡᠷᠡᠭᠲᠡᠶ᠃ | ᠬᠤᠷᠠᠯ ᠳᠡᠭᠡᠷ᠎ᠡ᠂ ᠡᠯ᠎ᠡ ᠬᠡᠷᠡᠭ ᠳᠠᠭᠠᠭᠠᠴᠢᠯᠠᠭᠰᠠᠨ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠵᠠᠬᠢᠳᠠᠯ | ᠰᠤᠷᠪᠤᠯᠵᠢᠯᠠᠭ᠎ᠠ ᠶᠢᠨ ᠬᠡᠷᠡᠭ ᠢ ᠠᠬᠢᠭᠤᠯᠤᠭᠰᠠᠨ ᠪᠠᠶᠢᠳᠠᠯ ᠪᠣᠯᠤᠨ ᠳᠠᠷᠠᠭᠠᠴᠢ ᠶᠢᠨ ᠠᠯᠬᠤᠮ ᠤᠨ ᠰᠢᠢᠳᠪᠦᠷᠢᠯᠡᠬᠦ | ᠲᠥᠰᠦᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ |