【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠨ ᠤ ᠲᠤᠭ᠎ᠠ 100 ᠲᠦᠮᠡᠨ ᠬᠥᠮᠦᠨ ᠤᠳᠠᠭ᠎ᠠ ᠶᠢ ᠳᠠᠪᠠᠪᠠ
ᠨᠡᠶᠢᠲᠡᠯᠡᠭᠰᠡᠨ ᠴᠠᠭ᠄
2023/9/28
    ᠡᠷᠢᠶᠡᠨ ᠬᠤᠲᠠ ᠶᠢᠨ ᠬᠢᠯᠢ ᠪᠠᠷ ᠨᠡᠪᠳᠡᠷᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠲᠤᠭ᠎ᠠ ᠪᠠᠷᠢᠮᠲᠠ ᠠᠴᠠ ᠦᠵᠡᠪᠡᠯ᠂ 9 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨᠡᠬᠢ 9 ᠴᠠᠭ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠬᠥᠮᠦᠨ ᠤ ᠲᠤᠭ᠎ᠠ 100 ᠲᠦᠮᠡᠨ ᠬᠥᠮᠦᠨ ᠤᠳᠠᠭ᠎ᠠ ᠶᠢ ᠳᠠᠪᠠᠵᠤ᠂ ᠭᠠᠭᠴᠠ ᠡᠳᠦᠷ ᠤᠨ ᠬᠠᠮᠤᠭ ᠤᠨ ᠥᠨᠳᠥᠷ ᠲᠤ ᠪᠠᠨ 8874 ᠬᠥᠮᠦᠨ ᠤᠳᠠᠭ᠎ᠠ ᠳᠤ ᠬᠦᠷᠴᠦ᠂ ᠬᠢᠯᠢ ᠪᠠᠷ ᠣᠷᠣᠵᠤ ᠭᠠᠷᠬᠤ ᠲᠡᠷᠭᠡ ᠬᠥᠰᠬᠡ ᠶᠢ 16.9 ᠲᠦᠮᠡᠨ ᠲᠡᠷᠭᠡ ︵ᠴᠤᠪᠤᠭ᠎ᠠ︶ ᠤᠳᠠᠭ᠎ᠠ ᠳᠤ ᠬᠦᠷᠴᠦ᠂ ᠪᠣᠭᠤᠮᠲᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠤᠯᠠᠮ ᠠᠴᠠ ᠤᠯᠠᠮ ᠲᠣᠪᠤᠶᠢᠮ᠎ᠠ ᠪᠣᠯᠪᠠ᠃
   ᠵᠠᠰᠠᠮᠠᠯ ᠵᠠᠮ ᠤᠨ ᠪᠣᠭᠤᠮᠲᠠ ᠶᠢᠨ ᠵᠢᠭᠤᠯᠴᠢᠯᠠᠯ ᠤᠨ ᠪᠠᠶᠢᠴᠠᠭᠠᠬᠤ ᠨᠡᠪᠲᠡᠷᠡᠬᠦ ᠵᠠᠮ ᠳᠤ᠂ ᠠᠳᠠᠯᠢ ᠪᠤᠰᠤ ᠤᠯᠤᠰ ᠪᠠ ᠭᠠᠵᠠᠷ ᠣᠷᠣᠨ ᠠᠴᠠ ᠢᠷᠡᠭᠰᠡᠨ ᠠᠶᠠᠨᠴᠢᠳ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠶᠢᠨ ᠵᠢᠯᠣᠭᠤᠳᠣᠯᠭ᠎ᠠ ᠳᠣᠤᠷ᠎ᠠ ᠡᠮᠬᠢ ᠵᠢᠷᠤᠮ ᠲᠠᠢ ᠪᠠᠷ ᠮᠥᠷᠯᠡᠵᠦ᠂ ᠭᠡᠷᠡᠴᠢ ᠦᠨᠡᠮᠯᠡᠯ ᠢ ᠬᠢᠨᠠᠨ ᠰᠢᠯᠭᠠᠵᠤ᠂ ᠪᠣᠭᠤᠮᠲᠠ ᠪᠠᠷ ᠤᠷᠤᠭᠰᠢᠲᠠᠶ ᠪᠠᠷ ᠥᠩᠭᠡᠷᠡᠵᠦ ᠪᠠᠶᠢᠨ᠎ᠠ᠃
    ᠪᠣᠭᠤᠮᠲᠠ ᠶᠢᠨ ᠬᠢᠯᠢ ᠪᠠᠷ ᠣᠷᠣᠵᠤ ᠭᠠᠷᠬᠤ ᠠᠶᠠᠨᠴᠢᠳ ᠤᠨ ᠤᠷᠤᠰᠬᠠᠯ ᠦᠷᠭᠦᠯᠵᠢᠯᠡᠨ ᠦᠳᠲᠡᠷ ᠲᠦᠷᠭᠡᠨ ᠨᠡᠮᠡᠭᠳᠡᠬᠦ ᠪᠠ ᠪᠣᠭᠤᠮᠲᠠ ᠶᠢᠨ ︽ᠶᠡᠭᠡ ᠪᠠᠷ ᠣᠷᠣᠵᠤ ᠭᠠᠷᠴᠤ ᠲᠦᠷᠭᠡᠨ ᠭᠠᠷᠬᠤ᠂ ᠲᠦᠷᠭᠡᠨ ᠣᠷᠣᠵᠤ ᠲᠦᠷᠭᠡᠨ ᠭᠠᠷᠬᠤ︾ ᠬᠥᠭᠵᠢᠯᠲᠡ ᠶᠢᠨ ᠬᠠᠨᠳᠤᠰᠢ ᠶᠢᠨ ᠡᠮᠦᠨ᠎ᠡ᠂ ᠡᠷᠢᠶᠡᠨ ᠤ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠢᠯᠢ ᠶᠢᠨ ᠪᠠᠶᠢᠴᠠᠭᠠᠯᠲᠠ ᠶᠢᠨ ᠪᠠᠶᠢᠴᠠᠭᠠᠨ ᠰᠢᠯᠭᠠᠬᠤ ᠶᠠᠪᠤᠴᠠ ᠶᠢ ᠰᠢᠯᠢᠳᠡᠭᠵᠢᠭᠦᠯᠦᠨ᠂ ᠪᠠᠶᠢᠴᠠᠭᠠᠨ ᠰᠢᠯᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ ᠰᠢᠨᠡᠳᠬᠡᠵᠦ᠂ ᠦᠢᠯᠡᠴᠢᠯᠡᠭᠡᠨ ᠤ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ︽ᠬᠤᠶᠠᠷ ᠢ ᠨᠡᠶᠢᠲᠡᠯᠡᠵᠦ ᠨᠢᠭᠡ ᠶᠢ ᠰᠠᠨᠠᠭᠤᠯᠬᠤ︾ ᠪᠠᠷ ᠳᠠᠮᠵᠢᠭᠤᠯᠤᠨ ᠤᠷᠢᠳᠴᠢᠯᠠᠨ ᠲᠥᠰᠦᠭᠡᠯᠡᠬᠦ ᠶᠢᠨ ᠬᠠᠮᠲᠤ ᠨᠡᠶᠢᠭᠡᠮ ᠳᠤ ᠪᠣᠭᠤᠮᠲᠠ ᠪᠠᠷ ᠣᠷᠣᠵᠤ ᠭᠠᠷᠬᠤ ᠬᠥᠮᠦᠰ ᠤᠨ ᠴᠤᠪᠤᠷᠠᠯ ᠤᠨ ᠣᠷᠭᠢᠯ ᠦᠶ᠎ᠡ ᠶᠢ ᠨᠡᠶᠢᠲᠡᠯᠡᠵᠦ᠂ ᠥᠷᠭᠡᠨ ᠣᠯᠠᠨ ᠬᠢᠯᠢ ᠪᠠᠷ ᠣᠷᠣᠵᠤ ᠭᠠᠷᠬᠤ ᠠᠶᠠᠨᠴᠢᠳ ᠢ ᠬᠥᠲᠥᠯᠦᠨ ᠵᠢᠯᠣᠭᠤᠳᠴᠤ ᠪᠠᠶᠢᠭᠠᠳ ᠠᠶᠠᠯᠠᠯ ᠤᠨ ᠱᠤᠭᠤᠮ ᠢᠶᠠᠨ ᠵᠦᠶ ᠵᠣᠬᠢᠰᠲᠠᠶ ᠳᠣᠭᠢᠷᠠᠭᠤᠯᠤᠨ᠂ ᠤᠷᠬᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠭᠠᠷᠬᠤ ᠬᠡᠷᠡᠭᠲᠡᠶ᠃ ᠡᠭᠦᠨ ᠤ ᠬᠠᠮᠲᠤ ᠡᠭᠦᠷᠭᠡ ᠭᠦᠢᠴᠡᠳᠭᠡᠬᠦ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠪᠠᠶᠢᠴᠠᠭᠠᠨ ᠰᠢᠯᠭᠠᠬᠤ ᠵᠠᠮ ᠪᠠ ᠲᠦᠷᠭᠡᠨ ᠨᠡᠪᠲᠡᠷᠡᠬᠦ ᠵᠠᠮ ᠢ ᠭᠦᠢᠴᠡᠳ ᠨᠡᠭᠡᠭᠡᠵᠦ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠤᠷᠤᠰᠬᠠᠯ ᠢ ᠴᠠᠭ ᠲᠤᠬᠠᠶ ᠳᠤᠨᠢ ᠵᠢᠯᠣᠭᠤᠳᠴᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠣᠭᠤᠮᠲᠠ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃    ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠶᠢᠨ ᠵᠢᠵᠢᠭᠦᠷᠯᠡᠬᠦ ᠭᠤᠷᠪᠠᠳᠤᠭᠠᠷ ᠠᠩᠭᠢ ᠶᠢᠨ ᠳᠡᠳ᠋ ᠳᠠᠷᠤᠭ᠎ᠠ ᠰᠢᠤᠢ ᠵᠧᠩ ᠬᠡᠯᠡᠬᠦ ᠳᠡᠭᠡᠨ᠄ ︽ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂  ᠵᠢᠭᠤᠯᠴᠢᠯᠠᠯ ᠤᠨ ᠪᠦᠯᠬᠦᠮ ᠢ ᠣᠷᠢᠳᠴᠢᠯᠠᠨ ᠰᠢᠯᠭᠠᠨ ᠥᠩᠭᠡᠷᠡᠭᠦᠯᠬᠦ᠂ ᠲᠦᠷᠭᠡᠨ ᠨᠡᠪᠲᠡᠷᠡᠬᠦ ᠵᠠᠮ᠂ ᠪᠠᠴᠢᠮ ᠠᠪᠤᠷᠠᠨ ᠲᠤᠰᠠᠯᠠᠬᠤ ᠵᠡᠷᠭᠡ ᠣᠯᠠᠨ ᠵᠦᠢᠯ ᠤᠨ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠥᠨᠳᠥᠷ ᠪᠦᠲᠦᠮᠵᠢᠲᠡᠶ᠂ ᠰᠠᠭᠠᠳ ᠥᠬᠡᠶ ᠨᠡᠪᠲᠡᠷᠡᠬᠦ ᠶᠢ ᠪᠦᠲᠦᠮᠵᠢᠲᠡᠶ ᠪᠠᠲᠤᠯᠠᠨ᠎ᠠ︾ ᠭᠡᠵᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号