| | ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤᠳᠠᠯ ᠦᠭᠡᠢ | ᠬᠤᠷᠠᠯᠳᠤᠬᠤ ᠭᠡᠵᠦ ᠪᠠᠶᠢᠨ᠎ᠠ᠂ 9 ᠰᠠᠷ᠎ᠠ ᠶᠢᠨ 4 ᠤ ᠡᠳᠦᠷ᠂ ᠮᠣᠩᠭᠤᠯ ᠤᠯᠤᠰ ᠤᠨ 426 ᠬᠤᠳᠠᠯᠳᠤᠭᠠᠴᠢᠨ | ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤ ᠤᠷᠤᠭᠰᠢᠲᠠᠢ ᠪᠠᠷ ᠬᠢᠯᠢ ᠳᠤ ᠣᠷᠣᠵᠤ ᠢᠷᠡᠭᠰᠡᠨ ᠢ | ᠬᠠᠷᠠᠭᠤᠯᠵᠤ ᠪᠠᠶᠢᠨ᠎ᠠ᠂ ᠡᠨᠡ ᠨᠢ ᠪᠠᠰᠠ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠡᠷᠢᠶᠡᠨ | ᠬᠤᠳᠠ ᠶᠢᠨ ᠠᠵᠢᠯᠯᠠᠬᠤ ᠳᠤᠭᠤᠶᠢᠯᠠᠩ ᠮᠣᠩᠭᠤᠯ ᠤᠨ ᠲᠠᠯ᠎ᠠ ᠶᠢᠨ ᠠᠷᠠᠯᠵᠢᠶᠠᠴᠢᠳ ᠤᠨ ᠬᠢᠯᠢ ᠪᠠᠷ ᠣᠷᠣᠵᠤ | ᠭᠠᠷᠬᠤ ᠶᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃ | | | | | ᠲᠤᠬᠠᠶ ᠶᠢᠨ ᠡᠳᠦᠷ ᠤᠨ ᠦᠳᠡ ᠶᠢᠨ ᠡᠮᠦᠨᠡᠬᠢ 10᠄ 25 ᠮᠢᠨᠦ᠋ᠲ ᠲᠤ᠂ ᠮᠣᠩᠭᠤᠯ ᠤᠯᠤᠰ ᠤᠨ ᠣᠯᠠᠨ | ᠤᠯᠤᠰ ᠤᠨ ᠠᠶᠠᠨᠴᠢᠳ ᠤᠨ ᠭᠠᠯᠲᠤ ᠲᠡᠷᠭᠡ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ ᠠᠯᠭᠤᠷᠬᠠᠨ | ᠣᠷᠣᠵᠤ᠂ ᠮᠠᠨ ᠤ ᠬᠤᠲᠠ ᠶᠢᠨ ᠣᠯᠠᠨ ᠰᠠᠯᠠᠭ᠎ᠠ ᠮᠥᠴᠢᠷ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ | ᠰᠠᠭᠠᠳ ᠥᠬᠡᠶ ᠨᠡᠪᠲᠡᠷᠡᠬᠦ ᠵᠠᠮ ᠨᠡᠭᠡᠭᠡᠬᠦ᠂ ︽ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ︾ ᠭᠠᠷᠭᠠᠬᠤ᠂ | ᠪᠠᠶᠢᠴᠠᠭᠠᠨ ᠰᠢᠯᠭᠠᠬᠤ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ ᠤᠷᠢᠳ ᠢᠶᠠᠷ ᠭᠦᠢᠴᠡᠳᠭᠡᠬᠦ ᠪᠠᠷ | ᠳᠠᠮᠵᠢᠭᠤᠯᠤᠨ᠂ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ ᠬᠤᠳᠠᠯᠳᠤᠭᠠᠴᠢᠨ ᠤ ᠪᠣᠭᠤᠮᠲᠠ ᠪᠠᠷ | ᠤᠷᠤᠭᠰᠢᠳᠠᠢ ᠥᠩᠭᠡᠷᠡᠬᠦ ᠶᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠪᠠᠲᠤᠯᠠᠪᠠ᠃ | | | | | | | | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠄ ︽ | ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ | ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠡᠷᠢᠶᠡᠨ ᠬᠤᠲᠠ ᠶᠢᠨ ᠠᠵᠢᠯᠯᠠᠬᠤ ᠳᠤᠭᠤᠶᠢᠯᠠᠩ ᠡᠷᠲᠡᠬᠡᠨ ᠠᠷᠭ᠎ᠠ | ᠰᠦᠪᠡᠭᠴᠢᠯᠡᠵᠦ᠂ ᠭᠦᠢᠴᠡᠳ ᠪᠡᠯᠡᠳᠬᠡᠯ ᠪᠠ ᠵᠣᠬᠢᠴᠠᠭᠤᠯᠤᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ | ᠨᠢᠭᠡᠴᠡ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠮᠣᠩᠭᠤᠯ ᠤᠯᠤᠰ ᠤᠨ ᠬᠤᠳᠠᠯᠳᠤᠭᠠᠴᠢᠳ ᠤᠨ ᠪᠣᠭᠤᠮᠲᠠ ᠪᠠᠷ ᠤᠷᠤᠭᠰᠢᠲᠠᠶ᠂ ᠡᠮᠬᠢ ᠵᠢᠷᠤᠮ ᠲᠠᠢ | ᠪᠠᠷ ᠬᠢᠯᠢ ᠨᠡᠪᠳᠡᠷᠡᠬᠦ ᠶᠢ ᠬᠦᠴᠦᠲᠡᠶ ᠪᠠᠲᠤᠯᠠᠪᠠ᠃︾ | | | | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠢᠯᠢ ᠪᠠᠷ ᠣᠷᠣᠵᠤ ᠢᠷᠡᠭᠰᠡᠨ ᠬᠤᠳᠠᠯᠳᠤᠭᠠᠴᠢᠨ ᠬᠢᠭᠡᠳ | ᠥᠩᠭᠡᠷᠡᠭᠰᠡᠨ ᠳᠤ ᠬᠢᠯᠢ ᠳᠤ ᠣᠷᠣᠵᠤ ᠢᠷᠡᠭᠰᠡᠨ ︽ᠡᠷᠢᠶᠡᠨ ᠴᠢᠭᠤᠯᠭ᠎ᠠ ᠠᠭᠤᠯᠵᠠᠯᠳᠠ︾ ᠳᠤ ᠣᠷᠣᠯᠴᠠᠭᠰᠠᠨ | ᠮᠣᠩᠭᠤᠯ ᠤᠯᠤᠰ ᠤᠨ ᠠᠷᠠᠯᠵᠢᠶᠠᠴᠢᠳ ᠨᠡᠶᠢᠲᠡ 800 ᠭᠠᠷᠤᠶ ᠬᠥᠮᠦᠨ ᠤᠯᠤᠰ ᠤᠨ ᠳᠣᠲᠣᠭᠠᠳᠤ ᠶᠢᠨ ᠲᠤᠰᠬᠠᠶ | ᠭᠠᠯᠲᠤ ᠲᠡᠷᠭᠡᠨ ᠳᠤ ᠰᠠᠭᠤᠵᠤ ᠵᠣᠷᠢᠭᠰᠠᠨ ᠭᠠᠵᠠᠷ ᠬᠥᠬᠡᠬᠤᠲᠠ ᠳᠤ ᠬᠦᠷᠴᠦ ᠳᠥᠷᠪᠡᠳᠦᠭᠡᠷ ᠬᠤᠭᠤᠴᠠᠭᠠᠨ ᠤ | ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠪᠣᠯᠤᠨ᠎ᠠ᠃ | |