| | 9 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠩ ᠰᠠᠨ ᠱᠢ ᠠᠷᠪᠠᠨ ᠳᠥᠷᠪᠡᠳᠦᠭᠡᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ 2023 ᠣᠨ ᠤ 23 ᠳ᠋ᠤᠭᠠᠷ ᠤᠳᠠᠭᠠᠨ ᠤ ᠬᠤᠷᠠᠯ ᠵᠢᠴᠢ ᠬᠤᠲᠠ ᠶᠢᠨ ᠨᠠᠮ ᠤᠨ | ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠵᠢᠴᠢ ᠨᠡᠷ᠎ᠡ ᠬᠠᠳᠠᠭᠰᠠᠨ | ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠳᠠᠪᠤᠷᠢᠲᠠᠨ ᠤ | ᠠᠵᠢᠯ ᠪᠠ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠬᠤ | ᠲᠥᠰᠦᠯ ᠵᠡᠷᠭᠡ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠰᠤᠯᠠ | ᠣᠷᠣᠯᠴᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 7 ᠰᠠᠷ᠎ᠠ ᠶᠢᠨ 24 ᠤ ᠡᠳᠦᠷ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠨᠠᠮ ᠤᠨ ᠭᠠᠳᠠᠨᠠᠬᠢ ᠬᠥᠮᠦᠰ ᠤᠨ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠬᠤᠷᠸ᠎ᠠ ᠲᠦᠷᠦ ᠶᠢᠨ ᠪᠤᠳᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ | ᠠᠵᠤ ᠠᠬᠤᠢ ᠶᠢᠨ ᠠᠵᠢᠯᠯᠠᠭᠠᠨ ᠤ ᠬᠢᠨᠠᠨ ᠬᠡᠮᠵᠢᠯᠲᠡ ᠵᠠᠳᠠᠯᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠭᠤᠣᠯᠯᠠᠬᠤ ᠠᠵᠤ ᠦᠢᠯᠡᠰ ᠢ ᠪᠦᠬᠦ | ᠬᠦᠴᠦᠨ ᠢᠶᠠᠷ ᠢᠶᠠᠨ ᠪᠤᠶᠢᠵᠢᠭᠤᠯᠤᠨ ᠪᠤᠵᠠᠭᠠᠶᠢᠷᠠᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠬᠦᠴᠦᠯᠡᠨ | ᠨᠡᠮᠡᠭᠳᠡᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ | ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠥᠬᠦ ᠣᠷᠣᠨ᠂ ᠪᠥᠬᠦ ᠠᠶᠢᠮᠠᠭ ᠤᠨ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ | ᠂ ᠤᠬᠠᠭᠤᠯᠵᠤ ᠬᠥᠲᠥᠯᠦᠨ ᠵᠢᠯᠣᠭᠤᠳᠬᠤ᠂ ᠪᠠᠭᠰᠢ ᠶᠢᠨ ᠬᠢᠷᠢ ᠬᠡᠮ ᠢ ᠪᠣᠯᠪᠠᠰᠤᠷᠠᠭᠤᠯᠬᠤ᠂ ᠰᠤᠷᠭᠠᠨ ᠬᠥᠮᠦᠵᠢᠯ | ᠵᠢᠭᠠᠨ ᠰᠤᠷᠭᠠᠯᠲᠠ ᠵᠡᠷᠭᠡ ᠡᠭᠦᠷᠭᠡ ᠶᠢ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠶᠠᠷᠢᠵᠤ᠂ | ᠶᠣᠰᠣ ᠤᠴᠢᠷ ᠢ ᠲᠣᠳᠣᠷᠬᠠᠶ ᠶᠠᠷᠢᠵᠤ᠂ ᠠᠵᠢᠯ ᠢ ᠯᠠᠪᠳᠠᠭᠤᠨ ᠪᠠᠲᠤᠲᠠᠶ ᠬᠢᠵᠦ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠴᠢᠨᠠᠷ ᠴᠢᠨᠰᠠᠭ᠎ᠠ ᠶᠢ ᠪᠠᠲᠤᠯᠠᠨ ᠰᠠᠶᠢᠲᠤᠷ ᠪᠡᠶᠡᠯᠡᠭᠦᠯᠵᠦ | ᠂ ᠪᠠᠭᠰᠢ ᠰᠠᠨᠠᠭ᠎ᠠ ᠠᠮᠤᠷ᠂ ᠬᠡᠷ ᠤᠨ ᠠᠬᠠᠮᠠᠳ ᠰᠠᠨᠠᠭ᠎ᠠ ᠠᠮᠤᠷ᠂ ᠰᠤᠷᠤᠭᠴᠢᠳ ᠰᠠᠶᠢᠲᠤᠷ ᠰᠤᠷᠤᠯᠴᠠᠬᠤ ᠬᠡᠷᠡᠭᠲᠡᠶ᠃ | ᠶᠣᠰᠣ ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠰᠢᠯᠭᠠᠯᠲᠠ᠂ ᠦᠨᠡᠯᠡᠯᠲᠡ᠂ ᠰᠤᠷᠤᠭᠴᠢ ᠡᠯᠰᠡᠬᠦ ᠵᠡᠷᠭᠡ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠭᠰᠢ᠂ | ᠰᠤᠷᠭᠠᠭᠤᠯᠢ ᠶᠢᠨ ᠪᠠᠶᠢᠷᠢ ᠵᠡᠷᠭᠡ ᠲᠠᠯ᠎ᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠪᠣᠳᠠᠲᠠᠢ ᠳᠤ | ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ︽ᠴᠢᠳᠠᠪᠤᠷᠢᠲᠠᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾ | ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠵᠤ᠂ ᠪᠣᠭᠤᠮᠲᠠ ᠶᠢᠨ ᠬᠥᠭᠵᠢᠯᠲᠡ᠂ ᠭᠤᠣᠯᠯᠠᠬᠤ ᠠᠵᠤ | ᠦᠢᠯᠡᠰ ᠢ ᠪᠤᠶᠢᠵᠢᠭᠤᠯᠬᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠶᠢᠨ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠨᠢᠭᠡ ᠪᠦᠯᠦᠭ ᠥᠨᠳᠥᠷ ᠲᠦᠪᠰᠢᠨ ᠪᠦᠬᠦᠢ ᠳᠡᠭᠡᠳᠦ | ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠲᠡᠢ ᠭᠡᠵᠦ ᠴᠢᠬᠤᠯᠠᠴᠢᠯᠠᠪᠠ᠃ ᠣᠲᠣ ᠶᠢᠨ | ᠪᠠᠶᠢᠭ᠎ᠠ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠯᠪᠠᠰᠤᠷᠠᠭᠤᠯᠤᠯ ᠤᠨ | ᠲᠥᠯᠥᠪᠯᠡᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠂ | ᠴᠢᠳᠠᠪᠤᠷᠢᠲᠠᠨ ᠢ ᠬᠦᠨᠳᠦᠳᠬᠡᠵᠦ ᠴᠢᠳᠠᠪᠤᠷᠢᠲᠠᠨ ᠢ ᠬᠠᠶᠢᠷᠠᠯᠠᠬᠤ᠂ ᠴᠢᠳᠠᠪᠤᠷᠢᠲᠠᠨ ᠢ ᠴᠢᠬᠤᠯᠠᠴᠢᠯᠠᠵᠤ | ᠴᠢᠳᠠᠪᠤᠷᠢᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠴᠢᠳᠠᠪᠤᠷᠢᠲᠠᠨ ᠢ ᠦᠨᠡᠨ ᠬᠦ | ᠰᠠᠶᠢᠲᠤᠷ ᠦᠯᠡᠳᠡᠭᠡᠵᠦ᠂ ᠰᠠᠶᠢᠲᠤᠷ ᠬᠡᠷᠡᠭᠯᠡᠬᠦ ᠬᠡᠷᠡᠭᠲᠡᠶ᠃ | ᠬᠤᠷᠠᠯ ᠠᠴᠠ 2023 ᠳᠤᠮᠳᠠᠳᠤ ᠤᠯᠤᠰ ︵ᠡᠷᠢᠶᠡᠨ ᠬᠤᠳᠠ︶ ᠤᠨ ᠤᠯᠠᠨ ᠤᠯᠤᠰ ᠤᠨ ᠠᠵᠤ ᠠᠬᠤᠢ ᠪᠡᠯᠡ | ᠣᠷᠣᠭᠤᠯᠤᠯᠲᠠ ᠶᠢᠨ ᠴᠢᠭᠤᠯᠭ᠎ᠠ ᠠᠭᠤᠯᠵᠠᠯᠳᠠ ᠵᠢᠴᠢ ᠦᠵᠡᠰᠬᠦᠯᠡᠩ ᠤᠨ ᠪᠡᠯᠡᠳᠬᠡᠯ ᠠᠵᠢᠯ ᠢ ᠭᠦᠢᠴᠡᠳ ᠨᠤᠲᠠᠯᠠᠵᠤ | ᠂ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠢ ᠳᠤᠨᠢ ᠳ᠋ᠦᠩᠨᠡᠵᠦ᠂ ᠬᠤᠷᠠᠯ ᠤᠨ ᠦᠷ᠎ᠡ ᠪᠦᠲᠦᠭᠡᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠢᠯᠯᠠᠭ᠎ᠠ ᠶᠢᠨ ᠪᠢᠯᠬᠠᠬᠤ ᠦᠢᠯᠡᠳᠦᠯ ᠢ ᠰᠠᠶᠢᠲᠤᠷ | ᠪᠠᠳᠠᠷᠠᠭᠤᠯᠵᠤ᠂ ᠨᠡᠩ ᠤᠯᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤᠷᠠᠯᠴᠠᠭ᠎ᠠ ᠬᠢᠵᠦ | ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |