| 9 ᠰᠠᠷ᠎ᠠ ᠶᠢᠨ 4 ᠤ ᠡᠳᠦᠷ᠂ ᠮᠠᠨ ᠤ ᠬᠤᠳᠠ ᠶᠢᠨ ᠡᠯ᠎ᠡ ᠬᠡᠦᠬᠡᠳ ᠤᠨ ᠴᠡᠴᠡᠷᠯᠢᠭ 2023 ᠣᠨ ᠤ ᠨᠠᠮᠤᠷ ᠤᠨ | ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠤᠯᠠᠷᠢᠯ ᠢᠶᠠᠨ ᠤᠭᠲᠤᠨ ᠠᠪᠴᠢᠷᠠᠵᠤ᠂ | ᠰᠤᠷᠭᠠᠭᠤᠯᠢ ᠶᠢᠨ ᠬᠦᠷᠢᠶᠡᠨ ᠤ ᠥᠩᠭᠡᠷᠡᠭᠰᠡᠨ ᠤ ᠬᠦᠷ ᠬᠦᠭᠵᠢᠶᠡᠨ ᠢᠶᠠᠨ ᠰᠡᠷᠭᠦᠭᠡᠪᠡ᠃ | | | | | | | ᠬᠤᠲᠠ ᠶᠢᠨ ᠭᠤᠷᠪᠠᠳᠤᠭᠠᠷ ᠬᠡᠤᠬᠡᠳ ᠤᠨ ᠴᠡᠴᠡᠷᠯᠢᠭ ᠲᠤ᠂ ᠪᠠᠭᠰᠢ ᠨᠠᠷ ᠬᠡᠤᠬᠡᠳ ᠤᠳ ᠢ ᠤᠭᠲᠤᠬᠤ ᠳᠤ ᠡᠯ᠎ᠡ | ᠵᠦᠢᠯ ᠤᠨ ᠪᠡᠯᠡᠳᠬᠡᠯ ᠢ ᠰᠠᠶᠢᠲᠤᠷ ᠬᠢᠵᠦ᠂ ᠰᠤᠷᠤᠯᠭ᠎ᠠ ᠡᠬᠢᠯᠡᠬᠦ ᠤᠯᠠᠷᠢᠯ ᠢ ᠳᠦᠭᠦᠷᠲᠡᠯ᠎ᠡ ᠭᠡᠷᠡᠯᠲᠦᠭᠦᠯᠪᠡ᠃ ︽ᠨᠢᠯᠬ᠎ᠠ | ᠬᠡᠦᠬᠡᠳ︾ ᠬᠡᠷ ᠤᠨ ᠠᠬᠠᠮᠠᠳ ᠤᠨ ᠳᠠᠭᠠᠭᠤᠯᠭ᠎ᠠ ᠳᠣᠤᠷ᠎ᠠ᠂ ᠬᠥᠩᠭᠡᠨ ᠠᠯᠬᠤᠭ᠎ᠠ ᠪᠠᠷ ᠰᠤᠷᠭᠠᠭᠤᠯᠢ ᠶᠢᠨ ᠬᠦᠷᠢᠶᠡᠨ ᠳᠤ | ᠠᠯᠬᠤᠨ ᠢᠷᠡᠵᠡᠬᠡᠨ᠎ᠡ᠃ | ᠳᠠᠷᠠᠭ᠎ᠠ ᠨᠢ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠰᠦᠷ ᠵᠢᠪᠬᠤᠯᠠᠩᠲᠤ ᠤᠯᠤᠰ ᠤᠨ ᠰᠦᠯᠳᠡ | ᠳᠠᠭᠤᠤ ᠶᠢᠨ ᠠᠶᠠᠰ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠪᠦᠬᠦ ᠪᠠᠭᠰᠢ ᠪᠣᠯᠤᠨ | ᠨᠢᠯᠬ᠎ᠠ ᠬᠡᠦᠬᠡᠳ ᠲᠥᠪ ᠵᠣᠭᠰᠣᠵᠤ᠂ ᠤᠯᠤᠰ ᠤᠨ ᠲᠤᠭ ᠵᠦᠭ ᠰᠢᠷᠲᠡᠬᠦ ᠶᠣᠰᠣ ᠬᠢᠪᠡ᠃ ᠬᠤᠶᠠᠷ ᠬᠡᠤᠬᠡᠳ ᠤᠨ | ᠲᠥᠯᠥᠭᠡᠯᠡᠭᠴᠢ ᠤᠯᠤᠰ ᠤᠨ ᠲᠤᠭ ᠳᠣᠤᠷ᠎ᠠ᠂ ᠰᠢᠯᠦᠭ ᠤᠶᠠᠩᠭᠠᠯᠠᠨ ᠤᠩᠰᠢᠬᠤ ᠪᠠᠷ ᠳᠠᠮᠵᠢᠭᠤᠯᠤᠨ ᠥᠪᠡᠷ ᠤᠨ | ᠰᠡᠳᠬᠢᠯ ᠳᠠᠬᠢ ᠪᠠᠶᠠᠷ ᠪᠠᠭ᠋ᠠᠳᠤᠯ ᠪᠠ ᠪᠠᠶᠠᠷ ᠪᠠᠶᠠᠰᠤᠯ ᠢᠶᠠᠨ ᠢᠯᠡᠳᠬᠡᠵᠡᠢ᠃ | | | | | | | ᠰᠤᠷᠭᠠᠭᠤᠯᠢ ᠡᠬᠢᠯᠡᠬᠦ ᠤᠯᠠᠷᠢᠯ ᠳᠤ᠂ ᠬᠤᠲᠠ ᠶᠢᠨ ᠭᠤᠷᠪᠠᠳᠤᠭᠠᠷ ᠬᠡᠤᠬᠡᠳ ᠤᠨ ᠴᠡᠴᠡᠷᠯᠢᠭ ᠦᠵᠡᠯ ᠰᠠᠨᠠᠭ᠎ᠠ ᠪᠠᠷ | ᠬᠥᠮᠦᠨ ᠬᠥᠮᠦᠵᠢᠭᠦᠯᠬᠦ᠂ ᠰᠣᠶᠣᠯ ᠢᠶᠠᠷ ᠬᠥᠮᠦᠨ ᠬᠥᠮᠦᠵᠢᠭᠦᠯᠬᠦ ᠪᠠ ᠠᠵᠢᠯᠯᠠᠭ᠎ᠠ ᠪᠠᠷ ᠬᠥᠮᠦᠨ ᠬᠥᠮᠦᠵᠢᠭᠦᠯᠬᠦ ᠢᠳᠡᠪᠬᠢ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠪᠠᠷ ︽ᠰᠤᠷᠭᠠᠭᠤᠯᠢ ᠡᠬᠢᠯᠡᠬᠦ | ᠠᠩᠬᠠᠨ ᠤ ᠬᠢᠴᠢᠶᠡᠯ︾ ᠢ ᠨᠠᠷᠢᠨ ᠨᠢᠮᠪᠠᠶ ᠵᠢᠷᠤᠵᠤ ᠲᠥᠯᠥᠪᠯᠡᠨ᠂ ᠬᠡᠦᠬᠡᠳ ᠤᠨ ᠤᠯᠤᠰ ᠣᠷᠣᠨ ᠢᠶᠠᠨ ᠬᠠᠶᠢᠷᠠᠯᠠᠬᠤ | ᠰᠡᠳᠬᠢᠯᠭᠡ ᠶᠢ ᠬᠥᠮᠦᠵᠢᠭᠦᠯᠬᠦ ᠶᠢᠨ ᠬᠠᠮᠲᠤ ᠬᠡᠤᠬᠡᠳ ᠤᠨ ᠴᠡᠴᠡᠷᠯᠢᠭ ᠲᠤ ᠣᠷᠣᠬᠤ ᠰᠡᠳᠬᠢᠯᠭᠡ ᠶᠢ ᠣᠯᠠᠨ ᠲᠠᠯ᠎ᠠ ᠪᠠᠷ | ᠠᠩᠬᠠᠷᠴᠤ᠂ ᠬᠡᠤᠬᠡᠳ ᠤᠳ ᠲᠤ ᠨᠠᠩ ᠣᠯᠠᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠬᠡᠤᠬᠡᠳ ᠤᠳ ᠢ ᠢᠳᠡᠷᠡᠭᠦᠨ ᠢᠶᠠᠷ | ᠦᠰᠦᠨ ᠪᠤᠶᠢᠵᠢᠭᠤᠯᠤᠨ᠎ᠠ᠃ | |