ᠮᠣᠩᠭᠤᠯ ᠤᠯᠤᠰ ᠤᠨ ᠠᠶᠠᠨᠴᠢᠳ ᠡᠷᠢᠶᠡᠨ ᠲᠡᠮᠦᠷ ᠵᠠᠮ ᠤᠨ ᠪᠣᠭᠤᠮᠲᠠ ᠪᠠᠷ ᠳᠠᠮᠵᠢᠨ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2023/9/5
  ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ 9 ᠰᠠᠷ᠎ᠠ ᠶᠢᠨ 4 ᠤ ᠡᠳᠦᠷ᠂ ᠮᠣᠩᠭᠤᠯ ᠤᠯᠤᠰ ᠤᠨ 426 ᠬᠤᠳᠠᠯᠳᠤᠭᠠᠴᠢᠨ ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤ ᠤᠷᠤᠭᠰᠢᠲᠠᠢ ᠪᠠᠷ ᠬᠢᠯᠢ ᠳᠤ ᠣᠷᠣᠵᠤ ᠢᠷᠡᠭᠰᠡᠨ ᠢ ᠬᠠᠷᠠᠭᠤᠯᠵᠤ ᠪᠠᠶᠢᠨ᠎ᠠ᠂ ᠡᠨᠡ ᠨᠢ ᠪᠠᠰᠠ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠡᠷᠢᠶᠡᠨ ᠬᠤᠳᠠ ᠶᠢᠨ ᠠᠵᠢᠯᠯᠠᠬᠤ ᠳᠤᠭᠤᠶᠢᠯᠠᠩ ᠮᠣᠩᠭᠤᠯ ᠤᠨ ᠲᠠᠯ᠎ᠠ ᠶᠢᠨ ᠠᠷᠠᠯᠵᠢᠶᠠᠴᠢᠳ ᠤᠨ ᠬᠢᠯᠢ ᠪᠠᠷ ᠣᠷᠣᠵᠤ ᠭᠠᠷᠬᠤ ᠶᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢ ᠬᠠᠷᠠᠭᠤᠯᠵᠤ ᠪᠠᠶᠢᠨ᠎ᠠ᠃  
   ᠲᠤᠬᠠᠶ ᠶᠢᠨ ᠡᠳᠦᠷ ᠤᠨ ᠦᠳᠡ ᠶᠢᠨ ᠡᠮᠦᠨᠡᠬᠢ 10᠄ 25 ᠮᠢᠨᠦ᠋ᠲ ᠲᠤ᠂ ᠮᠣᠩᠭᠤᠯ ᠤᠯᠤᠰ ᠤᠨ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ ᠠᠯᠭᠤᠷᠬᠠᠨ ᠣᠷᠣᠵᠤ᠂ ᠮᠠᠨ ᠤ ᠬᠤᠲᠠ ᠶᠢᠨ ᠣᠯᠠᠨ ᠰᠠᠯᠠᠭ᠎ᠠ ᠮᠥᠴᠢᠷ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠵᠦ᠂ ᠰᠠᠭᠠᠳ ᠥᠬᠡᠶ ᠨᠡᠪᠲᠡᠷᠡᠬᠦ ᠵᠠᠮ ᠨᠡᠭᠡᠭᠡᠬᠦ᠂ ︽ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ︾ ᠭᠠᠷᠭᠠᠬᠤ᠂ ᠪᠠᠶᠢᠴᠠᠭᠠᠨ ᠰᠢᠯᠭᠠᠬᠤ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ ᠤᠷᠢᠳ ᠢᠶᠠᠷ ᠭᠦᠢᠴᠡᠳᠭᠡᠬᠦ ᠪᠠᠷ ᠳᠠᠮᠵᠢᠭᠤᠯᠤᠨ᠂ ᠦᠵᠡᠰᠬᠦᠯᠡᠩ ᠳᠤ ᠣᠷᠣᠯᠴᠠᠭᠰᠠᠨ ᠬᠤᠳᠠᠯᠳᠤᠭᠠᠴᠢᠨ ᠬᠤᠳᠠᠯᠳᠤᠭᠠᠴᠢᠨ ᠤ ᠪᠣᠭᠤᠮᠲᠠ ᠪᠠᠷ ᠤᠷᠤᠭᠰᠢᠳᠠᠢ ᠥᠩᠭᠡᠷᠡᠬᠦ ᠶᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠪᠠᠲᠤᠯᠠᠪᠠ᠃
     ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠄ ︽ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠡᠷᠢᠶᠡᠨ ᠬᠤᠲᠠ ᠶᠢᠨ ᠠᠵᠢᠯᠯᠠᠬᠤ ᠳᠤᠭᠤᠶᠢᠯᠠᠩ ᠡᠷᠲᠡᠬᠡᠨ ᠠᠷᠭ᠎ᠠ ᠰᠦᠪᠡᠭᠴᠢᠯᠡᠵᠦ᠂ ᠭᠦᠢᠴᠡᠳ ᠪᠡᠯᠡᠳᠬᠡᠯ ᠪᠠ ᠵᠣᠬᠢᠴᠠᠭᠤᠯᠤᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ  ᠨᠢᠭᠡᠴᠡ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠮᠣᠩᠭᠤᠯ ᠤᠯᠤᠰ ᠤᠨ ᠬᠤᠳᠠᠯᠳᠤᠭᠠᠴᠢᠳ ᠤᠨ ᠪᠣᠭᠤᠮᠲᠠ ᠪᠠᠷ ᠤᠷᠤᠭᠰᠢᠲᠠᠶ᠂ ᠡᠮᠬᠢ ᠵᠢᠷᠤᠮ ᠲᠠᠢ  ᠪᠠᠷ ᠬᠢᠯᠢ ᠨᠡᠪᠳᠡᠷᠡᠬᠦ ᠶᠢ ᠬᠦᠴᠦᠲᠡᠶ ᠪᠠᠲᠤᠯᠠᠪᠠ᠃︾
     ᠣᠶᠢᠯᠠᠭᠠᠭᠰᠠᠨ ᠢᠶᠠᠷ᠂ ᠲᠣᠰ ᠤᠳᠠᠭᠠᠨ ᠤ ᠬᠢᠯᠢ ᠪᠠᠷ ᠣᠷᠣᠵᠤ ᠢᠷᠡᠭᠰᠡᠨ ᠬᠤᠳᠠᠯᠳᠤᠭᠠᠴᠢᠨ ᠬᠢᠭᠡᠳ ᠥᠩᠭᠡᠷᠡᠭᠰᠡᠨ ᠳᠤ ᠬᠢᠯᠢ ᠳᠤ ᠣᠷᠣᠵᠤ ᠢᠷᠡᠭᠰᠡᠨ ︽ᠡᠷᠢᠶᠡᠨ ᠴᠢᠭᠤᠯᠭ᠎ᠠ ᠠᠭᠤᠯᠵᠠᠯᠳᠠ︾ ᠳᠤ ᠣᠷᠣᠯᠴᠠᠭᠰᠠᠨ ᠮᠣᠩᠭᠤᠯ ᠤᠯᠤᠰ ᠤᠨ ᠠᠷᠠᠯᠵᠢᠶᠠᠴᠢᠳ ᠨᠡᠶᠢᠲᠡ 800 ᠭᠠᠷᠤᠶ ᠬᠥᠮᠦᠨ ᠤᠯᠤᠰ ᠤᠨ ᠳᠣᠲᠣᠭᠠᠳᠤ ᠶᠢᠨ ᠲᠤᠰᠬᠠᠶ ᠭᠠᠯᠲᠤ ᠲᠡᠷᠭᠡᠨ ᠳᠤ ᠰᠠᠭᠤᠵᠤ ᠵᠣᠷᠢᠭᠰᠠᠨ ᠭᠠᠵᠠᠷ ᠬᠥᠬᠡᠬᠤᠲᠠ ᠳᠤ ᠬᠦᠷᠴᠦ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号