ᠬᠡᠣᠬᠡᠳ ᠤᠨ ᠴᠡᠴᠡᠷᠯᠢᠭ ᠴᠣᠭᠯᠠᠵᠦ᠂ ᠬᠡᠣᠬᠡᠳ ᠤᠳ ᠨᠡᠷ᠎ᠡ ᠪᠠᠨ ᠮᠡᠳᠡᠬᠦᠯᠬᠦ ᠪᠠᠷ ᠢᠷᠡᠵᠡᠬᠡᠨ᠎ᠡ
ᠨᠡᠶᠢᠲᠡᠯᠡᠭᠰᠡᠨ ᠴᠠᠭ᠄
2023/9/5
   9 ᠰᠠᠷ᠎ᠠ ᠶᠢᠨ 4 ᠤ ᠡᠳᠦᠷ᠂ ᠮᠠᠨ ᠤ ᠬᠤᠳᠠ ᠶᠢᠨ ᠡᠯ᠎ᠡ ᠬᠡᠦᠬᠡᠳ ᠤᠨ ᠴᠡᠴᠡᠷᠯᠢᠭ 2023 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠤᠯᠠᠷᠢᠯ ᠢᠶᠠᠨ ᠤᠭᠲᠤᠨ ᠠᠪᠴᠢᠷᠠᠵᠤ᠂ ᠰᠤᠷᠭᠠᠭᠤᠯᠢ ᠶᠢᠨ ᠬᠦᠷᠢᠶᠡᠨ ᠤ ᠥᠩᠭᠡᠷᠡᠭᠰᠡᠨ ᠤ ᠬᠦᠷ ᠬᠦᠭᠵᠢᠶᠡᠨ ᠢᠶᠠᠨ ᠰᠡᠷᠭᠦᠭᠡᠪᠡ᠃    ᠬᠤᠲᠠ ᠶᠢᠨ ᠭᠤᠷᠪᠠᠳᠤᠭᠠᠷ ᠬᠡᠤᠬᠡᠳ ᠤᠨ ᠴᠡᠴᠡᠷᠯᠢᠭ ᠲᠤ᠂ ᠪᠠᠭᠰᠢ ᠨᠠᠷ ᠬᠡᠤᠬᠡᠳ ᠤᠳ ᠢ ᠤᠭᠲᠤᠬᠤ ᠳᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠵᠦ᠂ ᠰᠤᠷᠤᠯᠭ᠎ᠠ ᠡᠬᠢᠯᠡᠬᠦ ᠤᠯᠠᠷᠢᠯ ᠢ ᠳᠦᠭᠦᠷᠲᠡᠯ᠎ᠡ ᠭᠡᠷᠡᠯᠲᠦᠭᠦᠯᠪᠡ᠃ ︽ᠨᠢᠯᠬ᠎ᠠ ᠬᠡᠦᠬᠡᠳ︾ ᠬᠡᠷ ᠤᠨ ᠠᠬᠠᠮᠠᠳ ᠤᠨ ᠳᠠᠭᠠᠭᠤᠯᠭ᠎ᠠ ᠳᠣᠤᠷ᠎ᠠ᠂ ᠬᠥᠩᠭᠡᠨ ᠠᠯᠬᠤᠭ᠎ᠠ ᠪᠠᠷ ᠰᠤᠷᠭᠠᠭᠤᠯᠢ ᠶᠢᠨ ᠬᠦᠷᠢᠶᠡᠨ ᠳᠤ ᠠᠯᠬᠤᠨ ᠢᠷᠡᠵᠡᠬᠡᠨ᠎ᠡ᠃    ᠳᠠᠷᠠᠭ᠎ᠠ ᠨᠢ ᠤᠯᠤᠰ ᠤᠨ ᠲᠤᠭ ᠮᠠᠨᠳᠤᠭᠤᠯᠬᠤ ᠶᠣᠰᠣᠯᠠᠯ ᠶᠠᠪᠤᠭᠤᠯᠪᠠ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ᠂ ᠲᠠᠪᠤᠨ ᠣᠳᠣᠲᠤ ᠤᠯᠠᠭᠠᠨ ᠲᠤᠭ ᠠᠯᠭᠤᠷᠬᠠᠨ ᠢᠶᠠᠷ ᠮᠠᠨᠳᠤᠵᠤ᠂ ᠪᠦᠬᠦ ᠪᠠᠭᠰᠢ ᠪᠣᠯᠤᠨ ᠨᠢᠯᠬ᠎ᠠ ᠬᠡᠦᠬᠡᠳ ᠲᠥᠪ ᠵᠣᠭᠰᠣᠵᠤ᠂ ᠤᠯᠤᠰ ᠤᠨ ᠲᠤᠭ ᠵᠦᠭ ᠰᠢᠷᠲᠡᠬᠦ ᠶᠣᠰᠣ ᠬᠢᠪᠡ᠃ ᠬᠤᠶᠠᠷ ᠬᠡᠤᠬᠡᠳ ᠤᠨ ᠲᠥᠯᠥᠭᠡᠯᠡᠭᠴᠢ ᠤᠯᠤᠰ ᠤᠨ ᠲᠤᠭ ᠳᠣᠤᠷ᠎ᠠ᠂ ᠰᠢᠯᠦᠭ ᠤᠶᠠᠩᠭᠠᠯᠠᠨ ᠤᠩᠰᠢᠬᠤ ᠪᠠᠷ ᠳᠠᠮᠵᠢᠭᠤᠯᠤᠨ ᠥᠪᠡᠷ ᠤᠨ ᠰᠡᠳᠬᠢᠯ ᠳᠠᠬᠢ ᠪᠠᠶᠠᠷ ᠪᠠᠭ᠋ᠠᠳᠤᠯ ᠪᠠ ᠪᠠᠶᠠᠷ ᠪᠠᠶᠠᠰᠤᠯ ᠢᠶᠠᠨ ᠢᠯᠡᠳᠬᠡᠵᠡᠢ᠃    ᠰᠤᠷᠭᠠᠭᠤᠯᠢ ᠡᠬᠢᠯᠡᠬᠦ ᠤᠯᠠᠷᠢᠯ ᠳᠤ᠂ ᠬᠤᠲᠠ ᠶᠢᠨ ᠭᠤᠷᠪᠠᠳᠤᠭᠠᠷ ᠬᠡᠤᠬᠡᠳ ᠤᠨ ᠴᠡᠴᠡᠷᠯᠢᠭ ᠦᠵᠡᠯ ᠰᠠᠨᠠᠭ᠎ᠠ ᠪᠠᠷ ᠬᠥᠮᠦᠨ ᠬᠥᠮᠦᠵᠢᠭᠦᠯᠬᠦ᠂ ᠰᠣᠶᠣᠯ ᠢᠶᠠᠷ ᠬᠥᠮᠦᠨ ᠬᠥᠮᠦᠵᠢᠭᠦᠯᠬᠦ ᠪᠠ ᠠᠵᠢᠯᠯᠠᠭ᠎ᠠ ᠪᠠᠷ ᠬᠥᠮᠦᠨ ᠬᠥᠮᠦᠵᠢᠭᠦᠯᠬᠦ ᠢᠳᠡᠪᠬᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠡᠷᠭᠡ ᠲᠠᠯ᠎ᠠ ᠪᠠᠷ ︽ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ︾ ᠢ ᠨᠠᠷᠢᠨ ᠨᠢᠮᠪᠠᠶ ᠵᠢᠷᠤᠵᠤ ᠲᠥᠯᠥᠪᠯᠡᠨ᠂ ᠬᠡᠦᠬᠡᠳ ᠤᠨ ᠤᠯᠤᠰ ᠣᠷᠣᠨ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠬᠦ ᠶᠢᠨ ᠬᠠᠮᠲᠤ ᠬᠡᠤᠬᠡᠳ ᠤᠨ ᠴᠡᠴᠡᠷᠯᠢᠭ ᠲᠤ ᠣᠷᠣᠬᠤ ᠰᠡᠳᠬᠢᠯᠭᠡ ᠶᠢ ᠣᠯᠠᠨ ᠲᠠᠯ᠎ᠠ ᠪᠠᠷ ᠠᠩᠬᠠᠷᠴᠤ᠂ ᠬᠡᠤᠬᠡᠳ ᠤᠳ ᠲᠤ ᠨᠠᠩ ᠣᠯᠠᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠬᠡᠤᠬᠡᠳ ᠤᠳ ᠢ ᠢᠳᠡᠷᠡᠭᠦᠨ ᠢᠶᠠᠷ ᠦᠰᠦᠨ ᠪᠤᠶᠢᠵᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号