ᠮᠠᠨᠵᠤᠤᠷ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠵᠤ ᠸᠠᠩ ᠰᠠᠨ ᠱᠢ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2023/9/6
     9 ᠰᠠᠷ᠎ᠠ ᠶᠢᠨ 5 ᠤ ᠡᠳᠦᠷ᠂ ᠬᠥᠯᠥᠨ ᠪᠣᠶᠢᠷ ᠬᠤᠲᠠ ᠶᠢᠨ ᠨᠠᠮ ᠤᠨ ᠬᠤᠷᠢᠶᠠᠨ ᠤ  ᠪᠠᠶᠢᠩᠭᠤ ᠶᠢᠨ ᠬᠡᠰᠢᠬᠦᠨ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠢ ᠸᠧᠢ ᠳ᠋ᠦᠩ ᠮᠠᠨᠵᠤᠤᠷ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠢ ᠳᠠᠭᠠᠭᠤᠯᠤᠨ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠪᠠᠷ᠎ᠠ ᠪᠣᠯᠪᠠ᠃
   ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ᠂ ᠲᠡᠮᠦᠷ ᠵᠠᠮ ᠤᠨ ᠲᠡᠷᠭᠡᠨ ᠦᠷᠳᠡᠭᠡ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠡᠨᠡ ᠬᠤᠭᠤᠴᠠᠭᠠᠨ ᠳᠤ᠂ ᠸᠠᠩ ᠰᠠᠨ ᠱᠢ ᠢᠦᠢ ᠸᠧᠢ ᠳ᠋ᠦᠩ ᠨᠡᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠬᠢᠯᠢ ᠠᠯᠤᠰᠯᠠᠭᠰᠠᠨ ᠬᠠᠮᠲᠤᠷᠠᠯᠴᠠᠭ᠎ᠠ᠂ ᠬᠢᠯᠢ ᠶᠢᠨ ᠠᠷᠠᠯᠵᠢᠶ᠎ᠠ᠂ ᠪᠣᠭᠤᠮᠲᠠ ᠶᠢᠨ ᠴᠢᠳᠠᠪᠤᠷᠢ ᠪᠠᠨ ᠥᠷᠭᠡᠳᠬᠡᠬᠦ ᠵᠡᠷᠭᠡ ᠶᠢᠨ ᠲᠣᠭᠤᠷᠢᠨ ᠳᠤ ᠬᠤᠶᠠᠷ ᠭᠠᠵᠠᠷ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠬᠤ ᠲᠤᠬᠠᠢ ᠭᠦᠨᠵᠡᠭᠡᠢ ᠰᠤᠳᠤᠯᠤᠨ ᠶᠠᠷᠢᠯᠴᠠᠪᠠ᠃
   ᠸᠠᠩ ᠰᠠᠨ ᠱᠢ ᠮᠠᠨᠵᠤᠤᠷ ᠬᠤᠲᠠ ᠶᠢᠨ ᠨᠠᠮ ᠵᠠᠰᠠᠭ ᠤᠨ ᠲᠥᠯᠥᠭᠡᠯᠡᠭᠴᠢᠳ ᠤᠨ ᠪᠦᠯᠬᠦᠮ ᠤᠨ ᠡᠷᠢᠶᠡᠨ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠃ ᠲᠡᠷᠡ᠂ ᠡᠷᠢᠶᠡᠨ ᠬᠤᠳᠠ ᠪᠣᠯᠤᠨ ᠮᠠᠨᠵᠤᠤᠷ ᠪᠣᠯ ᠲᠤᠰ ᠲᠤᠰ ᠮᠣᠩᠭᠤᠯ᠂ ᠣᠷᠣᠰ ᠲᠤ ᠬᠠᠨᠳᠤᠭᠤᠯᠤᠭᠰᠠᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠤᠨ᠎ᠠ᠂ ᠠᠬ᠎ᠠ ᠳᠡᠭᠦᠦ ᠪᠣᠭᠤᠮᠲᠠ ᠪᠣᠯᠬᠤ ᠪᠠᠷ ᠪᠠᠷᠠᠬᠤ ᠦᠭᠡᠢ᠂ ᠪᠠᠰᠠ ︽ᠨᠢᠭᠡ ᠪᠦᠰᠡ ᠨᠢᠭᠡ ᠵᠠᠮ︾ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠤᠩᠬᠤᠪᠴᠢ ᠪᠣᠯᠤᠨ᠎ᠠ᠂ ᠭᠠᠳᠠᠭᠠᠳᠤ ᠰᠣᠯᠢᠯᠴᠠᠭ᠎ᠠ ᠪᠣᠯᠤᠨ ᠳᠤᠮᠳᠠᠳᠤ ᠮᠣᠩᠭᠤᠯ ᠣᠷᠣᠰ ᠤᠨ ᠬᠠᠮᠲᠤᠷᠠᠯᠴᠠᠭ᠎ᠠ ᠥᠷᠨᠢᠭᠦᠯᠬᠦ ᠳᠤᠮᠳᠠ ᠥᠪᠡᠷᠮᠢᠴᠡ ᠳᠠᠪᠠᠭᠤᠯᠢᠭ ᠲᠠᠢ᠃ ᠮᠠᠨᠵᠤᠤᠷ ᠨᠢ ︽ᠵᠠᠭᠤᠨ ᠵᠢᠯ ᠤᠨ ᠪᠣᠭᠤᠮᠲᠠ︾ ᠪᠣᠯᠤᠭᠰᠠᠨ ᠤ ᠬᠤᠪᠢ ᠳᠤ᠂ ᠡᠯ᠎ᠡ ᠬᠦᠷᠢᠶᠡᠨ ᠳᠤ ᠪᠢᠳᠡ ᠰᠤᠷᠤᠯᠴᠠᠭᠤᠰᠢᠲᠠᠢ ᠮᠠᠰᠢ ᠤᠯᠠᠨ ᠭᠠᠵᠠᠷ ᠪᠠᠶᠢᠳᠠᠭ᠃ ᠬᠤᠶᠢᠰᠢᠳᠠ᠂ ᠬᠤᠶᠠᠷ ᠭᠠᠵᠠᠷ ᠤᠨ ᠬᠢᠨ ᠳᠣᠮᠳᠠᠳᠦ ᠡᠸᠦ᠋ᠷᠦᠫᠠ ᠶᠢᠨ ᠭᠠᠯ ᠳᠡᠷᠭᠡᠨ ᠤ ᠪᠣᠭᠤᠮᠳᠠ ᠪᠠᠷ ᠦᠩᠭᠡᠷᠡᠬᠦ ᠠᠰᠠᠭᠤᠳᠠᠯ᠂ ᠪᠣᠭᠤᠮᠲᠠ ᠶᠢᠨ ᠴᠢᠳᠠᠪᠤᠷᠢ ᠪᠠᠨ ᠦᠷᠭᠡᠳᠬᠡᠬᠦ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠭᠠᠷ ᠬᠤᠯᠪᠣᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃    ᠢᠦᠢ ᠸᠧᠢ ᠳ᠋ᠦᠩ ᠮᠠᠨᠵᠤᠤᠷ ᠪᠣᠭᠤᠮᠲᠠ ᠶᠢᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠬᠤᠶᠠᠷ ᠭᠠᠵᠠᠷ ᠤᠨ ᠬᠢᠨ ᠲᠤᠰ ᠤᠳᠠᠭ᠎ᠠ ᠶᠢᠨ ᠠᠭᠤᠯᠵᠠᠯᠲᠠ ᠪᠠᠷ ᠠᠵᠠ ᠲᠣᠬᠢᠶᠠᠯ ᠪᠣᠯᠭᠠᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠵᠤ᠂ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠬᠠᠮᠲᠤ ᠶᠢᠨ ᠬᠥᠭᠵᠢᠯᠲᠡ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠮᠠᠨᠵᠤᠤᠷ ᠬᠤᠳᠠ ᠶᠢᠨ ᠤᠳᠤᠷᠢᠳᠤᠯᠭ᠎ᠠ ᠳ᠋ᠧᠩ ᠶᠤᠸᠠᠢ ᠱᠧᠩ᠂ ᠴᠧᠩ ᠭᠦᠸᠧ ᠪᠢᠨ᠂ ᠹᠠᠨ ᠱᠤᠤ ᠬᠤᠸᠠ᠂ ᠬᠤᠳᠠ ᠶᠢᠨ ᠤᠳᠤᠷᠢᠳᠤᠯᠭ᠎ᠠ ᠵᠠᠩ ᠯᠢ ᠴᠧᠩ᠂ ᠵᠠᠩ ᠶᠦᠩ ᡁᠢ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号