| | ᠰᠤᠷᠪᠤᠯᠵᠢᠯᠠᠭᠴᠢ ᠬᠤᠲᠠ ᠶᠢᠨ ᠤᠯᠠᠭᠠᠨ ᠵᠠᠭᠠᠯᠮᠠᠢᠳᠠᠨ ᠤ ᠨᠡᠶᠢᠬᠡᠮᠯᠢᠭ ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ | 4 ᠤ ᠡᠳᠦᠷ ᠪᠣᠯᠲᠠᠯ᠎ᠠ᠂ ᠬᠤᠲᠠ ᠶᠢᠨ ᠤᠯᠠᠭᠠᠨ ᠵᠠᠭᠠᠯᠮᠠᠢᠳᠠᠨ ᠤ ᠨᠠᠶᠢᠬᠡᠮᠯᠢᠭ ︽ᠭᠠᠩ ᠬᠠᠭᠰᠠᠷᠠᠭᠠᠨ ᠲᠠᠢ ᠲᠡᠮᠡᠴᠡᠵᠦ | ᠭᠠᠮᠰᠢᠭ ᠠᠴᠠ ᠠᠪᠤᠷᠠᠬᠤ︾ ᠲᠤᠰᠠᠯᠠᠨ ᠬᠦᠷᠭᠡᠭᠰᠡᠨ ᠵᠣᠭᠤᠰ ᠪᠣᠳᠠᠰ ᠢ ᠨᠠᠶᠢᠳᠠ 1583088 ᠲᠥᠭᠦᠷᠢᠭ ᠬᠦᠯᠢᠶᠡᠨ | ᠠᠪᠤᠪᠠ᠃ ᠡᠭᠦᠨ ᠳᠤ᠂ ᠬᠠᠨᠳᠢᠪᠯᠠᠭᠰᠠᠨ 1552388 ᠲᠥᠭᠦᠷᠢᠭ᠂ ᠬᠠᠨᠳᠢᠪᠯᠠᠭᠰᠠᠨ ᠡᠳ᠋ ᠪᠣᠳᠠᠰ ᠢ 30700 | ᠲᠥᠭᠦᠷᠢᠭ ᠬᠦᠯᠢᠶᠡᠨ ᠠᠪᠤᠪᠠ᠃ | | | | ᠭᠠᠩ ᠤᠨ ᠪᠠᠶᠢᠳᠠᠯ ᠡᠭᠦᠰᠦᠭᠰᠡᠨ ᠠᠴᠠ ᠨᠠᠰᠢ᠂ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ | ᠲᠦᠷᠦᠭᠦᠯᠡᠨ ᠦᠯᠢᠭᠡᠷ ᠳᠠᠭᠤᠷᠢᠶᠠᠯ ᠪᠣᠯᠵᠤ᠂ ᠬᠤᠲᠠ ᠶᠢᠨ ᠠᠷᠠᠳ ᠣᠯᠠᠨ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ | ᠭᠠᠳᠠᠷ ᠣᠷᠣᠨ ᠤ ᠠᠵᠤ ᠠᠬᠤᠶᠢᠯᠠᠯ ᠪᠠ ᠲᠤᠰ ᠭᠠᠵᠠᠷ ᠣᠷᠣᠨ ᠤ ᠠᠵᠤ ᠠᠬᠤᠶᠢᠯᠠᠯ ᠤᠳ ᠢᠳᠡᠪᠬᠢᠲᠡᠶ ᠪᠠᠷ ᠬᠠᠶᠢᠷ᠎ᠠ | ᠬᠠᠯᠠᠮᠵᠢ ᠪᠠᠨ ᠡᠷᠭᠦᠵᠦ᠂ ᠬᠠᠷᠠᠮ ᠦᠭᠡᠢ ᠵᠣᠷᠢᠭᠤᠯᠵᠤ ᠪᠠᠶᠢᠨ᠎ᠠ᠃ ᠨᠢᠭᠡ ᠬᠤᠭᠤᠴᠠᠭᠠᠨ ᠳᠤ᠂ ︽ᠬᠠᠶᠢᠷ᠎ᠠ︾ ᠶᠢᠨ ᠬᠤᠪᠢ | ᠨᠡᠮᠡᠷᠢ ᠦᠵᠡᠭᠦᠯᠬᠦ ᠦᠵᠡᠭᠳᠡᠯ ᠬᠢᠯᠢ ᠶᠢᠨ ᠬᠤᠲᠠ ᠳᠤ ᠲᠠᠰᠤᠷᠠᠯᠲᠠ ᠦᠭᠡᠢ ᠶᠠᠪᠤᠭᠳᠠᠪᠠ᠃ | | | | | | | ᠣᠶᠢᠯᠠᠭᠠᠭᠰᠠᠨ ᠢᠶᠠᠷ᠂ ᠮᠠᠨ ᠤ ᠬᠤᠲᠠ ᠨᠢᠭᠡᠳᠦᠯᠲᠡᠶ ᠬᠦᠯᠢᠶᠡᠨ ᠠᠪᠬᠤ᠂ ᠨᠢᠭᠡᠳᠦᠯᠲᠡᠶ ᠬᠠᠳᠠᠭᠠᠯᠠᠬᠤ᠂ ᠨᠢᠭᠡᠳᠦᠯᠲᠡᠶ | ᠰᠢᠯᠵᠢᠭᠦᠯᠦᠨ ᠲᠣᠬᠢᠷᠠᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠲᠠᠷᠬᠠᠭᠠᠵᠤ᠂ | ᠪᠣᠳᠠᠰ ᠢ ᠭᠦᠢᠴᠡᠳ ᠬᠡᠷᠡᠭᠯᠡᠬᠦ ᠶᠢᠨ ᠬᠠᠮᠲᠤ ᠪᠢᠯᠧᠲ ᠪᠠᠷᠢᠮᠲᠠ ᠶᠢ ᠡᠮᠬᠢᠯᠡᠬᠦ ᠠᠵᠢᠯ ᠢ ᠰᠠᠶᠢᠲᠤᠷ ᠬᠢᠵᠦ᠂ ᠬᠠᠶᠢᠷ᠎ᠠ | ᠬᠠᠯᠠᠮᠵᠢ ᠶᠢᠨ ᠵᠣᠭᠤᠰ ᠮᠥᠩᠭᠦ ᠡᠳ᠋ ᠪᠣᠳᠠᠰ ᠢ ᠬᠤᠷᠢᠶᠠᠨ ᠠᠪᠬᠤ ᠲᠤᠭ᠎ᠠ ᠬᠡᠮᠵᠢᠶ᠎ᠡ ᠶᠢ ᠴᠠᠭ ᠲᠤᠬᠠᠶ ᠳᠤᠨᠢ ᠵᠠᠷᠯᠠᠨ | ᠨᠡᠶᠢᠲᠡᠯᠡᠵᠦ᠂ ᠮᠠᠰᠢ ᠣᠯᠠᠨ ᠪᠠᠶᠢᠨ᠎ᠠ᠃ ᠬᠦᠯᠢᠶᠡᠨ ᠠᠪᠤᠭᠰᠠᠨ ᠪᠡᠯᠡᠭᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ | ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠠᠴᠠ ᠨᠢᠭᠡᠳᠦᠯᠲᠡᠶ | ᠲᠣᠬᠢᠷᠠᠭᠤᠯᠵᠤ᠂ ᠨᠢᠭᠡᠳᠦᠯᠲᠡᠶ ᠲᠥᠯᠥᠪᠯᠡᠨ ᠬᠡᠷᠡᠭᠯᠡᠵᠦ᠂ ᠪᠦᠬᠦ ᠬᠦᠴᠦᠨ ᠢᠶᠠᠷ ᠢᠶᠠᠨ ᠭᠠᠩ ᠬᠠᠭᠰᠠᠷᠠᠭᠠᠨ ᠲᠠᠢ ᠲᠡᠮᠡᠴᠡᠬᠦ᠂ | ᠭᠠᠮᠰᠢᠭ ᠠᠴᠠ ᠠᠪᠤᠷᠠᠨ ᠭᠠᠮᠰᠢᠭ ᠢ ᠪᠠᠭᠠᠰᠬᠠᠵᠤ᠂ ᠬᠠᠶᠢᠷ᠎ᠠ ᠬᠠᠯᠠᠮᠵᠢ ᠨᠢᠭᠡᠪᠦᠷᠢ ᠶᠢ ︽ᠬᠠᠨᠳᠢᠪᠯᠠᠬᠤ︾ ᠭᠠᠵᠠᠷ | ᠪᠣᠯᠭᠠᠨ ᠠᠴᠠ ᠲᠣᠳᠣᠷᠬᠠᠶ ᠮᠡᠳᠡᠵᠦ᠂ ︽ᠬᠡᠷᠡᠭᠯᠡᠬᠦ︾ ᠭᠠᠵᠠᠷ ᠨᠢ ᠴᠡᠪᠡᠷ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠨ᠎ᠠ᠃ | |