ᠮᠠᠨ ᠤ ᠬᠤᠲᠠ ᠶᠢᠨ 3 ᠠᠵᠤ ᠠᠬᠤᠶᠢᠯᠠᠯ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠵᠢᠴᠢ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/9/8
     9 ᠰᠠᠷ᠎ᠠ ᠶᠢᠨ 6 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠵᠢᠴᠢ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶᠠᠨ ᠤ ᠵᠥᠪᠳᠡᠯᠴᠡᠬᠡᠷ ᠤᠨ ᠬᠤᠷᠠᠯ ᠬᠥᠬᠡᠬᠤᠲᠠ ᠳᠤ ᠶᠠᠪᠤᠭᠳᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ 3000 ᠭᠠᠷᠤᠶ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ ᠮᠠᠨ ᠤ ᠬᠤᠲᠠ ᠶᠢᠨ ᠭᠤᠷᠪᠠᠨ ᠠᠵᠤ ᠠᠬᠤᠶᠢᠯᠠᠯ ᠣᠷᠣᠯᠴᠠᠵᠠᠶ᠃    ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠬᠤᠶᠠᠳᠤᠭᠠᠷ ᠨᠣᠮᠧᠷᠲᠤ ᠲᠢᠩᠬᠢᠮ ᠳᠤ ᠰᠢᠯᠢ ᠶᠢᠨ ᠭᠤᠣᠯ ᠠᠶᠢᠮᠠᠭ ᠤᠨ ᠦᠵᠡᠭᠦᠯᠭᠡ ᠶᠢᠨ ᠲᠣᠭᠤᠷᠢᠭ ᠲᠤ᠂ ᠮᠠᠨ ᠤ ᠬᠤᠲᠠ ᠶᠢᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠶᠣᠣ ᠶᠢᠨ ᠠᠷᠠᠯᠵᠢᠶᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠶᠢᠨ ᠴᠢᠦ ᠢᠳᠡᠭᠡᠨ ᠤ ᠬᠢᠵᠠᠭᠠᠷᠲᠤ ᠺᠣᠮᠫᠠᠨᠢ ᠵᠡᠷᠭᠡ ᠭᠤᠷᠪᠠᠨ ᠠᠵᠤ ᠠᠬᠤᠶᠢᠯᠠᠯ ᠤᠨ ᠦᠵᠡᠰᠬᠦᠯᠡᠩ ᠳᠤ ᠣᠷᠣᠯᠴᠠᠬᠤ ᠲᠠᠸᠠᠷ ᠬᠥᠮᠦᠰ ᠤᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠦᠵᠡᠰᠬᠦᠯᠡᠩ ᠳᠤ ᠭᠠᠳᠠᠭᠠᠳᠤ ᠠᠴᠠ ᠣᠷᠣᠭᠤᠯᠤᠭᠰᠠᠨ ᠵᠥᠭᠡᠢ ᠶᠢᠨ ᠪᠠᠯ᠂ ᠰᠦᠨ ᠲᠠᠯᠬ᠎ᠠ᠂ ᠭᠤᠸᠠᠮᠢᠶᠠᠨ ᠭᠤᠯᠢᠷ᠂ ᠰᠢᠬᠢᠷ ᠵᠢᠮᠢᠰ᠂ ᠤᠯᠠᠭᠠᠨ ᠠᠷᠢᠬᠢ᠂ ᠴᠣᠺᠣᠯᠠᠳ᠋ ᠵᠢᠶᠠᠩ ᠵᠢᠴᠢ ᠦᠬᠡᠷ ᠤᠨ ᠮᠢᠬᠠᠨ ᠤ ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠵᠡᠷᠭᠡ ᠶᠢ ᠪᠠᠭᠲᠠᠭᠠᠵᠤ᠂ ᠦᠵᠡᠭᠦᠯᠭᠡ ᠶᠢᠨ ᠪᠣᠳᠠᠰ ᠨᠢ ᠡᠯᠪᠡᠭ ᠪᠠᠶᠠᠯᠢᠭ᠂ ᠥᠪᠡᠷᠮᠢᠴᠡ ᠣᠨᠴᠠᠯᠢᠭ ᠢᠶᠠᠷ ᠭᠦᠨ ᠪᠠᠶᠢᠵᠤ᠂ ᠮᠠᠰᠢ ᠤᠯᠠᠨ ᠠᠵᠤ ᠠᠬᠤᠶᠢᠯᠠᠯ᠂ ᠠᠷᠠᠯᠵᠢᠶᠠᠴᠢᠳ ᠤᠨ ᠠᠩᠬᠠᠷᠤᠯ ᠢ ᠲᠠᠲᠠᠭᠰᠠᠨ ᠪᠥᠭᠡᠳ ᠲᠤᠬᠠᠢ ᠶᠢᠨ ᠭᠠᠵᠠᠷ ᠤᠨ ᠬᠤᠳᠠ ᠶᠢᠨ ᠠᠷᠠᠳ ᠤᠨ ᠬᠦᠷᠢᠶᠡᠯᠡᠯ ᠢ ᠣᠯᠵᠠᠢ᠃
   ᠡᠷᠢᠶᠡᠨ ᠬᠤᠳᠠ ᠶᠢᠨ ᠶᠣᠣ ᠶᠢᠨ ᠠᠷᠠᠯᠵᠢᠶᠠᠨ ᠤ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠯᠢ ᠸᠧᠢ᠄ ︽ᠲᠤᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠳᠤ ᠺᠣᠮᠫᠠᠨᠢ ᠶᠢᠨ ᠦᠢᠯᠡᠳᠬᠦᠨ ᠪᠣᠯᠤᠨ ᠦᠢᠯᠡᠴᠢᠯᠡᠭᠡ ᠶᠢ ᠦᠵᠡᠭᠦᠯᠵᠦ ᠪᠣᠯᠬᠤ ᠪᠥᠭᠡᠳ ᠪᠠᠰᠠ ᠬᠤᠳᠠᠯᠳᠤᠭᠠᠨ ᠤ ᠬᠠᠮᠲᠤᠷᠠᠯᠴᠠᠭᠠᠨ ᠤ ᠬᠠᠨᠢᠲᠠᠨ ᠢᠶᠠᠨ ᠡᠷᠢᠵᠦ ᠪᠣᠯᠤᠨ᠎ᠠ᠃ ᠡᠨᠡ ᠤᠳᠠᠭᠠᠨ ᠤ ᠦᠵᠡᠭᠦᠯᠦᠯᠭᠡ ᠪᠠᠷ ᠳᠠᠮᠵᠢᠨ᠂ ᠨᠡᠩ ᠣᠯᠠᠨ ᠬᠥᠮᠦᠰ ᠲᠤ ᠪᠢᠳᠡᠨ ᠢ ᠣᠶᠢᠯᠠᠭᠠᠭᠤᠯᠵᠤ᠂ ᠡᠯ᠎ᠡ ᠭᠠᠵᠠᠷ ᠤᠨ ᠠᠵᠤ ᠠᠬᠤᠶᠢᠯᠠᠯ ᠲᠠᠢ ᠬᠠᠷᠢᠴᠠᠭ᠎ᠠ ᠪᠠᠶᠢᠭᠤᠯᠤᠨ᠂ ᠬᠠᠮᠲᠤᠷᠠᠨ ᠠᠵᠢᠯᠯᠠᠬᠤ ᠲᠣᠬᠢᠶᠠᠯ ᠡᠷᠢᠯᠬᠢᠯᠡᠬᠦ ᠶᠢ ᠬᠦᠰᠡᠵᠦ ᠪᠠᠶᠢᠨ᠎ᠠ᠃    ᠡᠷᠢᠶᠡᠨ ᠪᠣᠭᠤᠮᠲᠠ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠶᠢᠨ ᠲᠥᠯᠥᠭᠡ᠂ ᠮᠠᠨ ᠤ ᠬᠤᠲᠠ ᠦᠵᠡᠭᠦᠯᠭᠡ ᠶᠢᠨ ᠲᠣᠭᠤᠷᠢᠭ ᠲᠤ ᠤᠬᠠᠭᠤᠯᠭ᠎ᠠ ᠶᠢᠨ ᠰᠠᠮᠪᠠᠷ᠎ᠠ ᠭᠠᠷᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠂ ᠣᠷᠣᠨ ᠪᠠᠶᠢᠷᠢ ᠶᠢᠨ ᠳᠠᠪᠠᠭᠤᠯᠢᠭ᠂ ᠲᠥᠷᠥ ᠶᠢᠨ ᠪᠣᠳᠣᠯᠭ᠎ᠠ ᠶᠢᠨ ᠳᠠᠪᠠᠭᠤᠯᠢᠭ᠂ ᠲᠠᠪᠴᠠᠩ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠪᠡᠯᠡ ᠣᠷᠣᠭᠤᠯᠤᠯᠲᠠ ᠶᠢᠨ ᠤᠳᠤᠷᠢᠳᠤᠮᠵᠢ ᠵᠡᠷᠭᠡ ᠲᠠᠯ᠎ᠠ ᠪᠠᠷ ᠲᠠᠨᠢᠯᠴᠠᠭᠤᠯᠵᠤ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠤ ᠰᠣᠯᠢᠯᠴᠠᠭᠠᠨ ᠤ ᠲᠠᠪᠴᠠᠩ ᠳᠤ ᠲᠦᠰᠢᠭᠯᠡᠨ᠂ ᠣᠷᠣᠨ ᠤ ᠳᠣᠲᠣᠨ᠎ᠠ ᠭᠠᠳᠠᠨ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠪᠠ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠪᠣᠭᠤᠮᠲᠠ ᠶᠢᠨ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠪᠡ᠃    ᠣᠶᠢᠯᠠᠭᠠᠭᠰᠠᠨ ᠢᠶᠠᠷ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠢ ᠬᠤᠶᠠᠷ ᠵᠢᠯ ᠳᠤ ᠨᠢᠭᠡ ᠤᠳᠠᠭ᠎ᠠ ᠡᠷᠭᠢᠯᠡᠬᠦ ᠪᠣᠯ ᠳᠤᠮᠳᠠᠳᠤ ᠤᠯᠤᠰ᠂ ᠮᠣᠩᠭᠤᠯ ᠤᠯᠤᠰ ᠴᠢᠨᠠᠭᠰᠢᠯᠠᠪᠠᠯ ᠵᠡᠭᠦᠨ ᠬᠤᠶᠢᠲᠤ ᠠᠽᠢᠶ᠎ᠠ ᠶᠢᠨ ᠭᠠᠵᠠᠷ ᠣᠷᠣᠨ ᠤ ᠠᠷᠠᠯᠵᠢᠶ᠎ᠠ᠂ ᠪᠠᠯᠠ ᠣᠷᠣᠭᠤᠯᠤᠯᠲᠠ᠂ ᠵᠢᠭᠤᠯᠴᠢᠯᠠᠯ ᠤᠨ ᠬᠠᠮᠲᠤᠷᠠᠯᠴᠠᠭᠠᠨ ᠤ ᠰᠢᠨ᠎ᠡ ᠲᠠᠪᠴᠠᠩ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号