9 ᠰᠠᠷ᠎ᠠ ᠶᠢᠨ 7 ᠤ ᠡᠳᠦᠷ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠬᠥᠬᠡᠬᠤᠲᠠ ᠳᠤ ︽ᠪᠣᠳᠠᠲᠠᠶ ᠶᠢ | ᠡᠷᠬᠢᠮᠯᠡᠨ ᠬᠠᠮᠲᠤᠷᠠᠯᠴᠠᠬᠤ᠂ ᠭᠠᠷ ᠬᠤᠯᠪᠣᠨ ᠬᠠᠮᠲᠤ ᠪᠠᠷ ᠤᠷᠤᠭᠰᠢᠯᠠᠬᠤ᠂ ᠳᠤᠮᠳᠠᠳᠤ ᠮᠣᠩᠭᠤᠯ ᠤᠨ ᠨᠥᠬᠦᠷᠰᠡᠭ | ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠢ ᠴᠣᠭᠴᠠᠯᠠᠬᠤ︾ ᠪᠠᠷ ᠭᠤᠤᠯ ᠰᠡᠳᠦᠪ ᠪᠣᠯᠭᠠᠭᠰᠠᠨ ᠳᠤᠮᠳᠠᠳᠤ ᠮᠣᠩᠭᠤᠯ ᠤᠨ | ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠲᠣᠭᠤᠷᠢᠭ ᠰᠢᠷᠡᠭᠡᠨ ᠤ | ᠬᠤᠷᠠᠯ ᠬᠤᠷᠠᠯᠳᠤᠭᠤᠯᠵᠤ᠂ ᠰᠢᠨ᠎ᠡ ᠪᠠᠶᠢᠳᠠᠯ ᠳᠣᠤᠷ᠎ᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ | ᠣᠷᠣᠨ ᠤ ᠬᠥᠭᠵᠢᠯᠲᠡ ᠳᠤ ᠪᠦᠲᠦᠭᠡᠯᠴᠢ ᠴᠢᠨᠠᠷᠲᠠᠶ ᠰᠠᠨᠠᠯ ᠪᠠ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠶᠢᠨ ᠰᠠᠨᠠᠭᠤᠯᠭ᠎ᠠ | ᠳᠤᠷᠠᠳᠪᠠ᠃ | | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ | ᠭᠦᠸᠧ ᠵᠧᠤ ᠮᠢᠩ᠂ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ | ᠳ᠋ᠦᠩ᠂ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠠᠢ ᠰᠢᠶᠠᠩ ᠬᠤᠸᠠ᠂ ᠮᠣᠩᠭᠤᠯ ᠤᠯᠤᠰ ᠤᠨ | ᠠᠵᠤ ᠠᠬᠤᠢ ᠶᠢᠨ ᠬᠥᠭᠵᠢᠯᠲᠡ ᠶᠢᠨ ᠶᠠᠮᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠪᠠ · | ᠳᠠᠰᠢᠫᠦ᠋ᠷᠢ᠂ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠭᠠᠵᠠᠷ ᠤᠨ | ᠡᠷᠬᠢᠯᠡᠭᠴᠢ ᠭᠡ᠊ · ᠥᠯᠵᠡᠶᠢᠰᠠᠶᠢᠬᠠᠨ᠂ ᠮᠣᠩᠭᠤᠯ ᠤᠯᠤᠰ ᠤᠨ ᠪᠠᠷᠢᠯᠭ᠎ᠠ ᠵᠢᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠶᠠᠮᠤᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠭᠠᠵᠠᠷ ᠰᠢᠷᠣᠢ ᠶᠢᠨ ᠬᠠᠷᠢᠴᠠᠭ᠎ᠠ᠂ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠡᠷᠳᠡᠨᠢ ᠶᠢᠨ ᠪᠣᠯᠣᠳ᠂ ᠮᠣᠩᠭᠤᠯ ᠤᠯᠤᠰ ᠤᠨ ᠵᠠᠮ ᠤᠨ ᠡᠭᠦᠳᠡ ᠴᠢᠯᠥᠭᠡᠲᠦ | ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠡ᠊ · ᠭᠠᠩᠪᠠᠲᠤ ᠵᠡᠷᠭᠡ ᠲᠥᠯᠥᠭᠡᠯᠡᠭᠴᠢ ᠣᠷᠣᠯᠴᠠᠪᠠ᠃ | | | | | | ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠲᠣᠰ ᠲᠠᠯ᠎ᠠ ᠶᠢᠨ | ᠬᠠᠮᠢᠶ᠎ᠠ ᠪᠥᠬᠦᠶ ᠪᠠᠶᠢᠳᠠᠯ ᠢ ᠮᠡᠳᠡᠭᠳᠡᠵᠦ᠂ ︽ᠳᠤᠮᠳᠠᠳᠤ ᠮᠣᠩᠭᠤᠯ ᠡᠷᠢᠶᠡᠨ ᠬᠤᠲᠠ - ᠵᠠᠮ ᠤᠨ ᠡᠭᠦᠳᠡ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠠᠮᠲᠤ ᠶᠢᠨ ᠶᠡᠷᠦᠩᠬᠡᠶ ᠲᠥᠰᠦᠯ︾ ᠢ ᠲᠠᠨᠢᠯᠴᠠᠭᠤᠯᠵᠤ᠂ ᠲᠤᠰᠬᠠᠶ | ᠮᠡᠷᠭᠡᠵᠢᠯᠲᠡᠨ ᠡᠷᠳᠡᠮᠲᠡᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠶᠠᠷᠢᠯᠴᠠᠨ ᠰᠣᠯᠢᠯᠴᠠᠬᠤ ᠠᠵᠢᠯ ᠥᠷᠨᠢᠭᠦᠯᠦᠭᠰᠡᠨ | ᠪᠥᠭᠡᠳ ᠠᠩᠬ᠎ᠠ ᠠᠯᠬᠤᠮ ᠬᠠᠮᠲᠤ ᠶᠢᠨ ᠲᠠᠨᠢᠯᠲᠠ ᠲᠠᠢ ᠪᠣᠯᠪᠠ᠃ ᠭᠦᠸᠧ ᠵᠧᠤ ᠮᠢᠩ ᠪᠠᠶᠠᠷ ᠤᠨ ᠦᠭᠡ ᠬᠡᠯᠡᠬᠦ ᠳᠡᠭᠡᠨ᠂ | ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ | ᠬᠠᠮᠲᠤ ᠪᠠᠷ ᠬᠥᠭᠵᠢᠬᠦ ᠪᠠᠷ ᠭᠤᠤᠯ ᠰᠢᠵᠢᠮ ᠪᠣᠯᠭᠠᠵᠤ᠂ ᠨᠡᠭᠡᠭᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ | ᠪᠣᠯᠭᠠᠵᠤ᠂ ᠬᠢᠯᠢ ᠠᠯᠤᠰᠯᠠᠭᠰᠠᠨ ᠬᠠᠮᠲᠤᠷᠠᠯᠴᠠᠭ᠎ᠠ ᠪᠠᠷ ᠭᠤᠤᠯᠳᠠᠯᠭ᠎ᠠ ᠪᠣᠯᠭᠠᠵᠤ᠂ ᠳᠤᠮᠳᠠᠳᠤ ᠮᠣᠩᠭᠤᠯ ᠤᠨ ᠪᠥᠬᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠥᠯᠢᠭᠡᠷ ᠳᠠᠭᠤᠷᠢᠶᠠᠯ ᠢ ᠪᠣᠶ ᠪᠣᠯᠭᠠᠬᠤ ᠶᠢᠨ ᠲᠥᠯᠥᠭᠡ ᠶᠤᠮ᠃ | ᠮᠣᠩᠭᠤᠯ ᠤᠨ ᠲᠠᠯ᠎ᠠ ᠶᠢᠨ ᠲᠥᠯᠥᠭᠡᠯᠡᠭᠴᠢ᠂ ᠡᠯ᠎ᠡ ᠰᠠᠯᠠᠭ᠎ᠠ ᠮᠥᠴᠢᠷ ᠨᠢᠭᠡᠴᠢ᠂ ᠲᠤᠰᠬᠠᠶ ᠮᠡᠷᠭᠡᠵᠢᠯᠲᠡᠨ ᠡᠷᠳᠡᠮᠲᠡᠳ | ᠨᠢᠭᠡᠨᠲᠡ ᠪᠠᠶᠢᠭ᠎ᠠ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠬᠥᠭᠵᠢᠯᠲᠡ ᠪᠠᠨ | ᠲᠦᠷᠭᠡᠳᠬᠡᠬᠦ᠂ ᠬᠠᠮᠲᠤ ᠪᠠᠷ ᠬᠥᠭᠵᠢᠬᠦ᠂ ᠵᠣᠬᠢᠴᠠᠩᠭᠤᠶ ᠪᠠᠷ ᠬᠥᠭᠵᠢᠭᠦᠯᠬᠦ ᠵᠠᠷᠴᠢᠮ ᠶᠣᠰᠣᠭᠠᠷ᠂ ᠰᠢᠨ᠎ᠡ ᠪᠠᠶᠢᠳᠠᠯ ᠳᠣᠤᠷᠠᠬᠢ | ᠬᠠᠮᠲᠤᠷᠠᠯᠴᠠᠭᠠᠨ ᠤ ᠣᠷᠣᠨ ᠤ ᠬᠥᠭᠵᠢᠯᠲᠡ ᠳᠤ ᠰᠢᠶ᠋ᠳᠪᠦᠷᠢᠲᠦ ᠪᠣᠳᠣᠯᠭ᠎ᠠ ᠶᠢᠨ ᠯᠠᠪᠯᠠᠯᠲᠠ᠂ ᠬᠥᠭᠵᠢᠯᠲᠡ ᠶᠢᠨ ᠴᠢᠨᠠᠷᠲᠠᠶ | ᠪᠦᠲᠦᠭᠡᠨ ᠪᠠᠶᠢᠭᠤᠯᠤᠯᠲᠠ ᠶᠢᠨ ᠰᠠᠨᠠᠯ ᠳᠤᠷᠠᠳᠬᠤ ᠶᠢ ᠬᠦᠰᠡᠵᠦ ᠪᠠᠶᠢᠨ᠎ᠠ᠃ | | | | | ᠬᠤᠶᠠᠷ ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠣᠷᠣᠨ ᠪᠦᠰᠡ ᠶᠢᠨ | ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠬᠤᠶᠠᠷ ᠵᠠᠬ᠎ᠠ ᠳᠡᠯᠭᠡᠭᠦᠷ᠂ ᠬᠤᠶᠠᠷ | ᠵᠦᠢᠯ ᠤᠨ ᠡᠬᠢ ᠪᠠᠶᠠᠯᠢᠭ︾ ᠤᠨ ᠳᠠᠪᠠᠭᠤᠯᠢᠭ ᠢ ᠪᠠᠳᠠᠷᠠᠭᠤᠯᠵᠤ᠂ ᠨᠢᠭᠡ ᠴᠤᠬᠴᠠᠵᠢᠭᠤᠯᠤᠨ ᠠᠷᠠᠯᠵᠢᠶᠠᠴᠢᠨ ᠤᠷᠢᠬᠤ ᠶᠢ | ᠢᠳᠡᠪᠬᠢᠲᠡᠢ ᠲᠥᠰᠦᠪᠯᠡᠨ ᠥᠷᠨᠢᠭᠦᠯᠵᠦ᠂ ᠤᠳᠤ ᠦᠶ᠎ᠡ ᠶᠢᠨ ᠬᠢᠯᠢ ᠠᠯᠤᠰᠯᠠᠭᠰᠠᠨ ᠠᠵᠤ ᠦᠢᠯᠡᠰ ᠤᠨ ᠰᠢᠰᠲ᠋ᠧᠮ ᠢ | ᠲᠦᠷᠭᠡᠨ ᠪᠠᠶᠢᠭᠤᠯᠵᠤ᠂ ᠬᠠᠮᠲᠤᠷᠠᠯᠴᠠᠭᠠᠨ ᠤ ᠣᠷᠣᠨ ᠤ ᠡᠷᠲᠡᠬᠡᠨ ᠪᠣᠭᠤᠮᠲᠠ ᠬᠠᠭᠠᠵᠤ ᠡᠵᠡᠩᠨᠡᠬᠦ ᠶᠢ ᠠᠬᠢᠭᠤᠯᠵᠤ᠂ | ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠲᠦᠷᠦ ᠶᠢᠨ ᠪᠤᠳᠤᠯᠭ᠎ᠠ ᠶᠢᠨ ᠬᠤᠲᠣᠭᠤᠷ | ᠭᠠᠵᠠᠷ ᠪᠣᠯᠤᠨ ᠪᠡᠯᠡ ᠣᠷᠣᠭᠤᠯᠤᠯᠲᠠ ᠶᠢᠨ ᠥᠨᠳᠦᠷᠯᠢᠭ ᠭᠠᠵᠠᠷ ᠪᠣᠯᠭᠠᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃ | ᠳᠠᠷᠠᠭ᠎ᠠ ᠨᠢ᠂ ᠯᠦ ᠪᠦᠦ ᠳ᠋ᠦᠩ ᠴᠡᠭᠡ ᠪᠣᠯᠣᠳ ᠪᠠᠲᠤ ᠲᠠᠢ ︽ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ | ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠲᠣᠭᠤᠷᠢᠭ ᠰᠢᠷᠡᠭᠡᠨ ᠤ ᠬᠤᠷᠠᠯ ᠤᠨ ᠰᠠᠨᠠᠮᠵᠢ ᠶᠢᠨ ᠪᠢᠴᠢᠭ | ︾ ᠲᠤ ᠭᠠᠷ ᠤᠨ ᠦᠰᠦᠭ ᠵᠢᠷᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ | ᠪᠠᠶᠢᠴᠠᠭᠠᠯᠲᠠ ᠶᠢᠨ ᠶᠡᠷᠦᠩᠬᠡᠶ ᠥᠷᠲᠡᠭᠡ ᠪᠠ ᠡᠷᠢᠶᠡᠨ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠥᠯᠥᠭᠡᠯᠡᠭᠴᠢ | ᠵᠢᠴᠢ ᠮᠣᠩᠭᠤᠯ ᠤᠯᠤᠰ ᠤᠨ ᠨᠡᠭᠦᠳᠡᠯ ᠠᠷᠠᠳ ᠤᠨ ᠶᠡᠷᠦᠩᠬᠡᠶ ᠲᠣᠪᠴᠢᠶ᠎ᠠ᠂ ᠮᠣᠩᠭᠤᠯ ᠤᠯᠤᠰ ᠤᠨ ᠪᠣᠭᠤᠮᠲᠠ ᠶᠢᠨ | ᠶᠡᠷᠦᠩᠬᠡᠶ ᠵᠠᠬᠢᠷᠭ᠎ᠠ᠂ ᠮᠣᠩᠭᠤᠯ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ | ᠮᠥᠴᠢᠷ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | |