ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠲᠣᠭᠤᠷᠢᠭ ᠰᠢᠷᠡᠭᠡᠨ ᠤ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/9/8
   9 ᠰᠠᠷ᠎ᠠ ᠶᠢᠨ 7 ᠤ ᠡᠳᠦᠷ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠬᠥᠬᠡᠬᠤᠲᠠ ᠳᠤ ︽ᠪᠣᠳᠠᠲᠠᠶ ᠶᠢ ᠡᠷᠬᠢᠮᠯᠡᠨ ᠬᠠᠮᠲᠤᠷᠠᠯᠴᠠᠬᠤ᠂ ᠭᠠᠷ ᠬᠤᠯᠪᠣᠨ ᠬᠠᠮᠲᠤ ᠪᠠᠷ ᠤᠷᠤᠭᠰᠢᠯᠠᠬᠤ᠂ ᠳᠤᠮᠳᠠᠳᠤ ᠮᠣᠩᠭᠤᠯ ᠤᠨ ᠨᠥᠬᠦᠷᠰᠡᠭ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠢ ᠴᠣᠭᠴᠠᠯᠠᠬᠤ︾ ᠪᠠᠷ ᠭᠤᠤᠯ ᠰᠡᠳᠦᠪ ᠪᠣᠯᠭᠠᠭᠰᠠᠨ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠲᠣᠭᠤᠷᠢᠭ ᠰᠢᠷᠡᠭᠡᠨ ᠤ ᠬᠤᠷᠠᠯ ᠬᠤᠷᠠᠯᠳᠤᠭᠤᠯᠵᠤ᠂ ᠰᠢᠨ᠎ᠡ ᠪᠠᠶᠢᠳᠠᠯ ᠳᠣᠤᠷ᠎ᠠ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠥᠭᠵᠢᠯᠲᠡ ᠳᠤ ᠪᠦᠲᠦᠭᠡᠯᠴᠢ ᠴᠢᠨᠠᠷᠲᠠᠶ ᠰᠠᠨᠠᠯ ᠪᠠ ᠰᠢᠢᠳᠪᠦᠷᠢᠲᠦ ᠪᠣᠳᠣᠯᠭ᠎ᠠ ᠶᠢᠨ ᠯᠠᠪᠯᠠᠯᠲᠠ ᠶᠢᠨ ᠰᠠᠨᠠᠭᠤᠯᠭ᠎ᠠ ᠳᠤᠷᠠᠳᠪᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠭᠦᠸᠧ ᠵᠧᠤ ᠮᠢᠩ᠂ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠠᠢ ᠰᠢᠶᠠᠩ ᠬᠤᠸᠠ᠂ ᠮᠣᠩᠭᠤᠯ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠶᠠᠮᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠪᠠ · ᠳᠠᠰᠢᠫᠦ᠋ᠷᠢ᠂ ᠮᠣᠩᠭᠤᠯ ᠤᠯᠤᠰ ᠤᠨ ᠭᠠᠳᠠᠭᠠᠳᠤ ᠶᠠᠪᠤᠳᠠᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠭᠠᠵᠠᠷ ᠤᠨ ᠡᠷᠬᠢᠯᠡᠭᠴᠢ ᠭᠡ᠊ · ᠥᠯᠵᠡᠶᠢᠰᠠᠶᠢᠬᠠᠨ᠂ ᠮᠣᠩᠭᠤᠯ ᠤᠯᠤᠰ ᠤᠨ ᠪᠠᠷᠢᠯᠭ᠎ᠠ ᠵᠢᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠭᠠᠵᠠᠷ ᠰᠢᠷᠣᠢ ᠶᠢᠨ ᠬᠠᠷᠢᠴᠠᠭ᠎ᠠ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠤᠷᠭᠠᠨ ᠤ ᠳᠠᠷᠤᠭ᠎ᠠ ᠡᠷᠳᠡᠨᠢ ᠶᠢᠨ ᠪᠣᠯᠣᠳ ᠂ ᠮᠣᠩᠭᠤᠯ ᠤᠯᠤᠰ ᠤᠨ ᠵᠠᠮ ᠤᠨ ᠡᠭᠦᠳᠡ ᠴᠢᠯᠥᠭᠡᠲᠦ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠴᠡ᠊ · ᠭᠠᠩᠪᠠᠲᠤ ᠵᠡᠷᠭᠡ ᠲᠥᠯᠥᠭᠡᠯᠡᠭᠴᠢ ᠣᠷᠣᠯᠴᠠᠪᠠ᠃    ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠲᠣᠰ ᠲᠠᠯ᠎ᠠ ᠶᠢᠨ ᠬᠠᠮᠢᠶ᠎ᠠ ᠪᠥᠬᠦᠶ ᠪᠠᠶᠢᠳᠠᠯ ᠢ ᠮᠡᠳᠡᠭᠳᠡᠵᠦ᠂ ︽ᠳᠤᠮᠳᠠᠳᠤ ᠮᠣᠩᠭᠤᠯ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠠᠮᠲᠤ ᠶᠢᠨ ᠶᠡᠷᠦᠩᠬᠡᠶ ᠲᠥᠰᠦᠯ︾ ᠢ ᠲᠠᠨᠢᠯᠴᠠᠭᠤᠯᠵᠤ᠂ ᠲᠤᠰᠬᠠᠶ ᠮᠡᠷᠭᠡᠵᠢᠯᠲᠡᠨ ᠡᠷᠳᠡᠮᠲᠡᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠶᠠᠷᠢᠯᠴᠠᠨ ᠰᠣᠯᠢᠯᠴᠠᠬᠤ ᠠᠵᠢᠯ ᠥᠷᠨᠢᠭᠦᠯᠦᠭᠰᠡᠨ ᠪᠥᠭᠡᠳ ᠠᠩᠬ᠎ᠠ ᠠᠯᠬᠤᠮ ᠬᠠᠮᠲᠤ ᠶᠢᠨ ᠲᠠᠨᠢᠯᠲᠠ ᠲᠠᠢ ᠪᠣᠯᠪᠠ᠃    ᠭᠦᠸᠧ ᠵᠧᠤ ᠮᠢᠩ ᠪᠠᠶᠠᠷ ᠤᠨ ᠦᠭᠡ ᠬᠡᠯᠡᠬᠦ ᠳᠡᠭᠡᠨ᠂ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠬᠠᠮᠲᠤ ᠪᠠᠷ ᠬᠥᠭᠵᠢᠬᠦ ᠪᠠᠷ ᠭᠤᠤᠯ ᠰᠢᠵᠢᠮ ᠪᠣᠯᠭᠠᠵᠤ᠂ ᠨᠡᠭᠡᠭᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠢᠯᠢ ᠠᠯᠤᠰᠯᠠᠭᠰᠠᠨ ᠬᠠᠮᠲᠤᠷᠠᠯᠴᠠᠭ᠎ᠠ ᠪᠠᠷ ᠭᠤᠤᠯᠳᠠᠯᠭ᠎ᠠ ᠪᠣᠯᠭᠠᠵᠤ᠂ ᠳᠤᠮᠳᠠᠳᠤ ᠮᠣᠩᠭᠤᠯ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠥᠯᠢᠭᠡᠷ ᠳᠠᠭᠤᠷᠢᠶᠠᠯ ᠢ ᠪᠣᠶ ᠪᠣᠯᠭᠠᠬᠤ ᠶᠢᠨ ᠲᠥᠯᠥᠭᠡ ᠶᠤᠮ᠃ ᠮᠣᠩᠭᠤᠯ ᠤᠨ ᠲᠠᠯ᠎ᠠ ᠶᠢᠨ ᠲᠥᠯᠥᠭᠡᠯᠡᠭᠴᠢ᠂ ᠡᠯ᠎ᠡ ᠰᠠᠯᠠᠭ᠎ᠠ ᠮᠥᠴᠢᠷ ᠨᠢᠭᠡᠴᠢ᠂ ᠲᠤᠰᠬᠠᠶ ᠮᠡᠷᠭᠡᠵᠢᠯᠲᠡᠨ ᠡᠷᠳᠡᠮᠲᠡᠳ ᠨᠢᠭᠡᠨᠲᠡ ᠪᠠᠶᠢᠭ᠎ᠠ ᠠᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠬᠥᠭᠵᠢᠯᠲᠡ ᠪᠠᠨ ᠲᠦᠷᠭᠡᠳᠬᠡᠬᠦ ᠂ ᠬᠠᠮᠲᠤ ᠪᠠᠷ ᠬᠥᠭᠵᠢᠬᠦ᠂ ᠵᠣᠬᠢᠴᠠᠩᠭᠤᠶ ᠪᠠᠷ ᠬᠥᠭᠵᠢᠭᠦᠯᠬᠦ ᠵᠠᠷᠴᠢᠮ ᠶᠣᠰᠣᠭᠠᠷ᠂ ᠰᠢᠨ᠎ᠡ ᠪᠠᠶᠢᠳᠠᠯ ᠳᠣᠤᠷᠠᠬᠢ ᠬᠠᠮᠲᠤᠷᠠᠯᠴᠠᠭᠠᠨ ᠤ ᠣᠷᠣᠨ ᠤ ᠬᠥᠭᠵᠢᠯᠲᠡ ᠳᠤ ᠰᠢᠶ᠋ᠳᠪᠦᠷᠢᠲᠦ ᠪᠣᠳᠣᠯᠭ᠎ᠠ ᠶᠢᠨ ᠯᠠᠪᠯᠠᠯᠲᠠ᠂ ᠬᠥᠭᠵᠢᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠰᠠᠨᠠᠯ ᠳᠤᠷᠠᠳᠬᠤ ᠶᠢ ᠬᠦᠰᠡᠵᠦ ᠪᠠᠶᠢᠨ᠎ᠠ᠃    ᠬᠤᠶᠠᠷ ᠲᠠᠯ᠎ᠠ ᠪᠠᠷ ᠢᠶᠠᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠣᠷᠣᠨ ᠪᠦᠰᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ︾ ᠤᠨ ᠳᠠᠪᠠᠭᠤᠯᠢᠭ ᠢ ᠪᠠᠳᠠᠷᠠᠭᠤᠯᠵᠤ᠂ ᠨᠢᠭᠡ ᠴᠤᠬᠴᠠᠵᠢᠭᠤᠯᠤᠨ ᠠᠷᠠᠯᠵᠢᠶᠠᠴᠢᠨ ᠤᠷᠢᠬᠤ ᠶᠢ ᠢᠳᠡᠪᠬᠢᠲᠡᠢ ᠲᠥᠰᠦᠪᠯᠡᠨ ᠥᠷᠨᠢᠭᠦᠯᠵᠦ᠂ ᠤᠳᠤ ᠦᠶ᠎ᠡ ᠶᠢᠨ ᠬᠢᠯᠢ ᠠᠯᠤᠰᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠬᠠᠮᠲᠤᠷᠠᠯᠴᠠᠭᠠᠨ ᠤ ᠣᠷᠣᠨ ᠤ ᠡᠷᠲᠡᠬᠡᠨ ᠪᠣᠭᠤᠮᠲᠠ ᠬᠠᠭᠠᠵᠤ ᠡᠵᠡᠩᠨᠡᠬᠦ ᠶᠢ ᠠᠬᠢᠭᠤᠯᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠲᠦᠷᠦ ᠶᠢᠨ ᠪᠤᠳᠤᠯᠭ᠎ᠠ ᠶᠢᠨ ᠬᠤᠲᠣᠭᠤᠷ ᠭᠠᠵᠠᠷ ᠪᠣᠯᠤᠨ ᠪᠡᠯᠡ ᠣᠷᠣᠭᠤᠯᠤᠯᠲᠠ ᠶᠢᠨ ᠥᠨᠳᠦᠷᠯᠢᠭ ᠭᠠᠵᠠᠷ ᠪᠣᠯᠭᠠᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠪᠡ᠃    ᠳᠠᠷᠠᠭ᠎ᠠ ᠨᠢ᠂ ᠯᠦ ᠪᠦᠦ ᠳ᠋ᠦᠩ ᠴᠡᠭᠡ ᠪᠣᠯᠣᠳ ᠪᠠᠲᠤ ᠲᠠᠢ ︽ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠲᠣᠭᠤᠷᠢᠭ ᠰᠢᠷᠡᠭᠡᠨ ᠤ ᠬᠤᠷᠠᠯ ᠤᠨ ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ᠂ ᠥᠪᠥᠷ ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠪᠠᠶᠢᠴᠠᠭᠠᠯᠲᠠ ᠶᠢᠨ ᠶᠡᠷᠦᠩᠬᠡᠶ ᠥᠷᠲᠡᠭᠡ ᠪᠠ ᠡᠷᠢᠶᠡᠨ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠥᠯᠥᠭᠡᠯᠡᠭᠴᠢ ᠵᠢᠴᠢ ᠮᠣᠩᠭᠤᠯ ᠤᠯᠤᠰ ᠤᠨ ᠨᠡᠭᠦᠳᠡᠯ ᠠᠷᠠᠳ ᠤᠨ ᠶᠡᠷᠦᠩᠬᠡᠶ ᠲᠣᠪᠴᠢᠶ᠎ᠠ᠂ ᠮᠣᠩᠭᠤᠯ ᠤᠯᠤᠰ ᠤᠨ ᠪᠣᠭᠤᠮᠲᠠ ᠶᠢᠨ ᠶᠡᠷᠦᠩᠬᠡᠶ ᠵᠠᠬᠢᠷᠭ᠎ᠠ᠂ ᠮᠣᠩᠭᠤᠯ ᠤᠯᠤᠰ ᠤᠨ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号