【2023 ᠤᠨ 】 ᠭᠦᠨ ᠵᠤᠵᠠᠭᠠᠨ ᠠᠮᠢ ᠠᠬᠤᠢ ᠶᠢᠨ ᠰᠠᠭᠤᠷᠢ ᠥᠩᠭᠡ —— ᠨᠣᠭᠤᠭᠠᠨ ᠥᠩᠭᠡ
ᠨᠡᠶᠢᠲᠡᠯᠡᠭᠰᠡᠨ ᠴᠠᠭ᠄
2024/1/11
                  2023 ᠣᠨ ᠳᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭᠯᠡᠨ ᠲᠡᠮᠡᠴᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠪᠣᠭᠤᠮᠲᠠ ᠶᠢᠨ ᠡᠯ᠎ᠡ ᠵᠦᠢᠯ ᠤᠨ ᠦᠢᠯᠡᠰ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠶᠢ  ᠠᠬᠢᠭᠤᠯᠪᠠ᠃  ᠬᠤᠲᠠ ᠶᠢᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠪᠥᠬᠦ ᠬᠤᠲᠠ ᠶᠢᠨ ᠬᠤᠶᠠᠷ ᠬᠤᠷᠠᠯ ᠬᠤᠷᠠᠯᠳᠤᠬᠤ ᠲᠠᠰᠢᠷᠠᠮ ᠢᠶᠠᠷ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠠᠴᠠ ︽2023 ᠣᠨ︾ ᠲᠤᠰᠬᠠᠶ ᠪᠤᠯᠤᠩ ᠭᠠᠷᠭᠠᠵᠤ᠂ ᠲᠣᠰ ᠵᠢᠯ ᠤᠨ ᠠᠵᠢᠯ ᠤᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠡᠮᠬᠢᠯᠡᠨ ᠡᠷᠭᠢᠴᠡᠭᠦᠯᠵᠦ᠂ ᠲᠠᠭᠤ ᠳᠦᠷᠰᠦ ᠰᠢᠩᠭᠡᠭᠡᠯᠲᠡ᠂ ᠥᠰᠥᠭ ᠪᠢᠴᠢᠭ ᠪᠠ ᠵᠢᠷᠤᠭ ᠢᠶᠠᠷ ᠲᠡᠮᠡᠴᠡᠯ ᠤᠨ ᠵᠠᠮ ᠮᠥᠷ ᠢ ᠵᠢᠷᠤᠭᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ᠃    ᠬᠥᠬᠡ ᠠᠭᠤᠯᠠ ᠬᠥᠬᠡᠮᠳᠦᠭ ᠤᠰᠤ ᠶᠢ ᠬᠥᠭᠵᠢᠭᠦᠯᠬᠦ ᠬᠡᠷᠡᠭᠲᠡᠢ᠃ ᠡᠨᠡ ᠬᠦ ᠪᠣᠷᠣᠭᠵᠢᠭᠤᠨ ᠪᠥᠭᠡᠳ ᠭᠦᠨ ᠵᠤᠵᠠᠭᠠᠨ ᠦᠭᠡ ᠨᠢ ᠨᠢᠭᠡᠨᠲᠡ ᠪᠦᠷᠢᠶ᠎ᠡ ᠪᠣᠯᠵᠤ᠂ ᠬᠢᠯᠢ ᠬᠢᠵᠠᠭᠠᠷ ᠤᠨ ᠪᠣᠭᠤᠮᠲᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠣᠬᠢᠷᠲᠤᠯ ᠦᠭᠡᠢ ᠬᠥᠭᠵᠢᠯᠲᠡ ᠶᠢ ᠬᠥᠭᠡᠭᠡᠴᠡᠯᠳᠦᠬᠦ ᠬᠥᠭᠵᠢᠯᠲᠡ ᠶᠢᠨ ᠳᠤᠮᠳᠠ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠪᠡ᠃    2023 ᠣᠨ ᠳᠤ᠂ ᠮᠠᠨ ᠤ ᠬᠤᠲᠠ ᠪᠣᠬᠢᠷᠲᠤᠯ ᠢ ᠰᠡᠷᠭᠡᠶᠢᠯᠡᠨ ᠵᠠᠰᠠᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠵᠤ᠂ ᠳᠤᠮᠳᠠᠳᠤ ᠮᠣᠩᠭᠤᠯ ᠤᠨ ᠠᠮᠢ ᠠᠬᠤᠶ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠣᠷᠣᠨ ︵ᠡᠷᠢᠶᠡᠨ ᠬᠤᠲᠠ - ᠵᠠᠮ ᠤᠨ ᠡᠭᠦᠳᠡ︶ ᠵᠡᠷᠭᠡ ᠠᠵᠢᠯ ᠢ ᠰᠦᠪᠡᠭᠴᠢᠯᠡᠨ ᠪᠠᠶᠢᠭᠤᠯᠵᠤ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠶᠢᠭᠤᠯᠪᠠ᠃    ᠡᠨᠡ ᠨᠢᠭᠡ ᠵᠢᠯ ᠳᠤ᠂ ᠮᠠᠨ ᠤ ᠬᠤᠲᠠ ᠰᠢᠨ᠎ᠡ ᠶᠢ ᠡᠭᠦᠳᠦᠨ ᠬᠥᠭᠵᠢᠬᠦ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠪᠡ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠲᠤᠬᠠᠶ ᠶᠢᠨ ᠵᠢᠯ ᠳᠤ ᠡᠬᠢᠯᠡᠭᠦᠯᠵᠦ᠂ ᠲᠤᠬᠠᠶ ᠶᠢᠨ ᠵᠢᠯ ᠳᠤ ᠰᠢᠨ᠎ᠡ ᠶᠢ ᠡᠭᠦᠳᠬᠦ ᠬᠠᠷᠠᠯᠲᠠ ᠶᠢ ᠪᠡᠶᠡᠯᠡᠭᠦᠯᠵᠦ᠂ ᠮᠠᠨ ᠤ ᠤᠯᠤᠰ ᠤᠨ ᠤᠮᠠᠷᠠᠲᠤ ᠶᠢᠨ ᠠᠩᠬᠠᠳᠠᠭᠴᠢ ᠲᠣᠰ ᠢᠷᠠᠭᠤ ᠠᠯᠳᠠᠷ ᠢ ᠭᠥᠷᠳᠡᠭᠰᠡᠨ ᠬᠢᠯᠢ ᠶᠢᠨ ᠪᠣᠭᠤᠮᠲᠠ ᠶᠢᠨ ᠬᠤᠲᠠ ᠪᠣᠯᠪᠠ ᠃ ᠳᠤᠮᠳᠠᠳᠤ ᠮᠣᠩᠭᠤᠯ ᠤᠨ ᠠᠮᠢ ᠠᠬᠤᠶ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠣᠷᠣᠨ ︵ᠡᠷᠢᠶᠡᠨ ᠬᠤᠲᠠ - ᠵᠠᠮ ᠤᠨ ᠡᠭᠦᠳᠡ︶ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠰᠦᠪᠡᠭᠴᠢᠯᠡᠨ ᠠᠬᠢᠭᠤᠯᠵᠤ᠂ ᠳᠤᠮᠳᠠᠳᠤ ᠮᠣᠩᠭᠤᠯ ᠤᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠪᠠᠶᠠᠯᠢᠭᠵᠢᠭᠤᠯᠵᠤ᠂ ᠪᠣᠬᠢᠷᠲᠤᠯ ᠥᠬᠡᠶ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠤᠨ᠎ᠠ᠃    ᠡᠨᠡ ᠨᠢᠭᠡ ᠵᠢᠯ ᠳᠤ᠂ ᠮᠠᠨ ᠤ ᠬᠤᠲᠠ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠰᠠᠶᠢᠵᠢᠷᠠᠪᠠ᠃ 66 ᠠᠵᠤ ᠠᠬᠤᠶᠢᠯᠠᠯ ︽ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ︾ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢ ᠪᠠᠶᠢᠭᠤᠯᠵᠤ᠂ ᠰᠢᠲᠠᠭᠠᠯᠭ᠎ᠠ ᠶᠢᠨ ᠨᠡᠭᠦᠷᠡᠰᠦ ᠣᠪᠣᠭᠠᠯᠠᠬᠤ 6 ᠲᠠᠯᠠᠪᠠᠶ᠂ ᠬᠠᠶᠢᠯᠤᠭᠤᠷ ᠵᠣᠩᠰᠢ ᠶᠢᠨ ᠣᠪᠣᠭᠠᠯᠠᠬᠤ 4 ᠲᠠᠯᠠᠪᠠᠶ ᠶᠢ ᠪᠦᠬᠦᠨ ᠢ ᠪᠢᠲᠡᠭᠦᠮᠵᠢᠯᠡᠨ ᠵᠠᠰᠠᠪᠠ᠃ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 98.1% ᠳᠤ ᠬᠦᠷᠴᠦ᠂ ᠪᠣᠬᠢᠷ ᠤᠰᠤ ᠶᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠨᠣᠷᠮ᠎ᠠ 100% ᠳᠤ ᠬᠦᠷᠴᠦ ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠣᠷ ᠦᠭᠡᠶᠢᠵᠢᠬᠦᠯᠦᠨ ᠲᠥᠪᠯᠡᠷᠡᠭᠦᠯᠦᠨ ᠰᠢᠢᠳᠪᠦᠷᠢᠯᠡᠬᠦ ᠨᠣᠷᠮ᠎ᠠ 100% ᠳᠤ ᠬᠦᠷᠪᠡ᠃ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠭᠦᠯᠡᠨ ᠲᠣᠯᠢ︾ ᠢ ᠰᠢᠨ᠎ᠡ ᠪᠠᠷ ᠡᠭᠦᠳᠦᠨ ᠨᠡᠭᠡᠭᠡᠨ ᠬᠥᠭᠵᠢᠭᠦᠯᠵᠦ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠠᠰᠠᠭᠤᠳᠠᠯ ᠢ ᠲᠦᠷᠭᠡᠨ ᠴᠤᠭᠯᠠᠭᠤᠯᠤᠨ ᠰᠢᠶ᠋ᠳᠪᠦᠷᠢᠯᠡᠵᠦ᠂ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠬᠤᠪᠢᠷᠠᠭᠤᠯᠬᠤ ᠪᠠ ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃ ︽ᠤᠶᠤᠨᠲᠤ ᠬᠠᠤᠯᠢ ᠬᠡᠷᠡᠭᠵᠢᠭᠦᠯᠬᠦ ᠲᠠᠪᠴᠠᠩ︾ ᠢ ᠪᠠᠶᠢᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ ᠤᠶᠠᠯᠳᠤᠭᠤᠯᠤᠭᠰᠠᠨ ᠬᠠᠤᠯᠢ ᠬᠡᠷᠡᠭᠵᠢᠭᠦᠯᠬᠦ ᠰᠢᠨ᠎ᠡ ᠵᠠᠭᠪᠤᠷ ᠢ ᠪᠡᠶᠡᠯᠡᠭᠦᠯᠦᠨ᠎ᠡ᠃    ᠡᠨᠡ ᠨᠢᠭᠡ ᠵᠢᠯ ᠳᠤ᠂ ᠮᠠᠨ ᠤ ᠬᠤᠲᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠲᠣ ᠦᠶ᠎ᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠪᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠶᠢ 100% ᠳᠤ ᠬᠦᠷᠦᠭᠦᠯᠵᠦ᠂ ᠠᠮᠢ ᠠᠬᠤᠶ ᠣᠷᠴᠢᠨ ᠲᠣᠭᠤᠷᠢᠨ ᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠲᠤᠷᠰᠢᠯᠲᠠ ᠶᠢ ᠢᠳᠡᠪᠬᠢᠲᠡᠶ ᠠᠬᠢᠭᠤᠯᠤᠨ᠂ ᠣᠷᠴᠢᠨ ᠲᠣᠭᠤᠷᠢᠨ ᠤ ᠦᠢᠯᠡᠴᠢᠯᠡᠭᠡᠨ ᠤ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号