【2023 ᠤᠨ 】 ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠬᠦᠯᠦᠨ᠎ᠡ
ᠨᠡᠶᠢᠲᠡᠯᠡᠭᠰᠡᠨ ᠴᠠᠭ᠄
2024/1/11
                2023 ᠣᠨ ᠳᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠬᠠᠷᠢᠭᠤᠴᠠᠯᠭ᠎ᠠ ᠡᠭᠦᠷᠭᠡᠯᠡᠵᠦ᠂ ᠡᠷᠡᠯᠬᠡᠭᠯᠡᠨ ᠲᠡᠮᠡᠴᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠪᠣᠭᠤᠮᠲᠠ ᠶᠢᠨ ᠡᠯ᠎ᠡ ᠵᠦᠢᠯ ᠤᠨ ᠦᠢᠯᠡᠰ ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠬᠢᠬᠦ ᠠᠴᠠ ᠪᠠᠨ ᠡᠮᠦᠨ᠎ᠡ ᠵᠣᠭᠰᠣᠬᠤ ‍ᠦᠭᠡᠢ ᠪᠠᠷ ᠦᠢᠯᠡᠳᠦᠭᠡᠳ ᠬᠤᠯᠠ ᠶᠠᠪᠤᠬᠤ᠃ ᠬᠤᠲᠠ ᠶᠢᠨ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠪᠥᠬᠦ ᠬᠤᠲᠠ ᠶᠢᠨ ᠬᠤᠶᠠᠷ ᠬᠤᠷᠠᠯ ᠬᠤᠷᠠᠯᠳᠤᠬᠤ ᠲᠠᠰᠢᠷᠠᠮ ᠢᠶᠠᠷ᠂ ᠬᠤᠲᠠ ᠶᠢᠨ ᠬᠠᠮ ᠵᠠᠭᠤᠴᠢᠯᠠᠭᠤᠷ ᠤᠨ ᠲᠥᠪ ᠠᠴᠠ ︽ᠲᠣᠭᠠᠯᠠᠨ 2023 ︾ ᠲᠤᠰᠬᠠᠶ ᠪᠤᠯᠤᠩ ᠭᠠᠷᠭᠠᠵᠤ᠂ ᠲᠣᠰ ᠵᠢᠯ ᠤᠨ ᠠᠵᠢᠯ ᠤᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠡᠮᠬᠢᠯᠡᠨ ᠡᠷᠭᠢᠴᠡᠭᠦᠯᠵᠦ᠂ ᠲᠠᠭᠤ ᠳᠦᠷᠰᠦ ᠰᠢᠩᠭᠡᠭᠡᠯᠲᠡ᠂ ᠥᠰᠥᠭ ᠪᠢᠴᠢᠭ ᠪᠠ ᠵᠢᠷᠤᠭ ᠢᠶᠠᠷ ᠲᠡᠮᠡᠴᠡᠯ ᠤᠨ ᠵᠠᠮ ᠮᠥᠷ ᠢ ᠵᠢᠷᠤᠭᠯᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠪᠠ᠃    2023 ᠣᠨ ᠳᠤ ᠪᠢᠳᠡ ᠮᠠᠰᠢ ᠲᠡᠭᠦᠯᠳᠡᠷᠵᠢᠭᠰᠡᠨ ᠪᠦᠭᠡᠳ ᠡᠷᠡᠰ ᠰᠢᠭᠤᠷᠬᠠᠢ ᠪᠠᠷ ᠶᠠᠪᠤᠵᠠᠢ᠃ ᠡᠨᠡ ᠨᠢᠭᠡ ᠵᠢᠯ ᠳᠤ ᠪᠢᠳᠡ ᠬᠡᠬᠦᠳᠡᠭ ᠳᠦᠭᠦᠷᠡᠩ ᠠᠴᠢ ᠬᠠᠷᠢᠭᠤᠯᠵᠤ᠂ ᠡᠷᠡᠮᠡᠬᠡᠶᠢᠯᠡᠨ ᠤᠷᠤᠭᠰᠢᠯᠠᠵᠠᠢ︔ ᠡᠨᠡ ᠵᠢᠯ ᠳᠤ ᠪᠢᠳᠡ ᠤᠮᠤᠭ ᠵᠤᠷᠢᠭ ᠪᠠᠳᠠᠷᠠᠩᠭᠤᠢ ᠡᠷᠡᠮᠡᠭᠡᠶᠢᠯᠡᠨ ᠲᠡᠮᠡᠴᠡᠵᠦ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠪᠠ ᠁ ᠮᠥᠨ ᠴᠦ ᠡᠨᠡ ᠨᠢᠭᠡ ᠵᠢᠯ ᠳᠤ᠂ ᠮᠠᠨ ᠤ ᠬᠤᠲᠠ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠬᠤᠲᠠ ᠪᠠᠶᠢᠭᠤᠯᠤᠭᠳᠠᠭᠰᠠᠨ ᠠᠴᠠ ᠨᠠᠭᠠᠰᠢᠬᠢ ᠬᠠᠮᠤᠭ ᠤᠨ ᠶᠡᠭᠡ ᠬᠡᠪᠴᠢᠶᠡᠨ ᠤ ᠬᠤᠲᠠ ᠶᠢᠨ ᠶᠠᠪᠤᠳᠠᠯ ᠤᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠪᠥᠬᠦ ᠠᠶᠢᠮᠠᠭ ᠲᠤ ᠤᠯᠤᠰ ᠤᠨ ᠥᠮᠴᠢᠯᠡᠯ ᠤᠨ ᠭᠠᠵᠠᠷ ᠰᠢᠷᠣᠶ ᠭᠡᠷ ᠪᠠᠶᠢᠰᠢᠩ ᠲᠠᠲᠠᠪᠤᠷᠢᠯᠠᠬᠤ ︽ᠪᠢᠯᠧᠲ︾ ᠢ ᠰᠢᠯᠵᠢᠭᠦᠯᠦᠨ ᠲᠥᠪᠬᠢᠨᠡᠭᠦᠯᠵᠦ᠂ ᠳᠥᠷᠪᠡᠳᠦᠭᠡᠷ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ᠂ ᠬᠢᠲᠠᠳ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ ᠁ ᠠᠷᠠᠳ ᠤᠯᠠᠨ ᠤ ︽ᠲᠣᠭᠲᠠᠭᠤᠨ ᠵᠣᠯ ᠵᠢᠷᠭᠠᠯ︾ ᠢ ᠲᠤᠯᠭᠠᠭᠤᠷᠢᠯᠠᠪᠠ᠃    2023 ᠣᠨ ᠳᠤ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠠᠷᠠᠳ ᠲᠦᠮᠡᠨ ᠢ ᠳᠡᠭᠡᠳᠦᠯᠡᠬᠦ︾ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠯᠡ ᠮᠥᠩᠭᠦ 11.38 ᠳ᠋ᠦᠩᠰᠢᠭᠤᠷ ᠲᠥᠭᠦᠷᠢᠭ ᠢ ᠳᠠᠪᠠᠵᠤ᠂ ᠪᠦᠬᠦ ᠵᠢᠯ ᠤᠨ ᠡᠳ᠋ ᠤᠨ ᠵᠠᠰᠠᠭ ᠤᠨ ᠵᠠᠷᠤᠯᠭ᠎ᠠ ᠶᠢᠨ 53% ᠶᠢ ᠡᠵᠡᠯᠡᠪᠡ᠃ 8 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ 50 ᠭᠠᠷᠤᠢ  ᠺᠢᠯᠣᠮᠧᠲᠷ ᠤᠰᠤ ᠬᠠᠩᠭᠠᠬᠤ᠂ ᠤᠰᠤ ᠵᠠᠯᠠᠬᠤ ᠵᠡᠷᠭᠡ ᠬᠤᠭᠤᠯᠠᠢ ᠲᠣᠣᠷ ᠢ ᠥᠭᠡᠷᠡᠴᠢᠯᠡᠵᠦ᠂ 6 ᠲᠦᠮᠡ ᠭᠠᠷᠤᠢ ᠲᠡᠭᠰᠢ ᠳᠥᠷᠪᠡᠯᠵᠢᠨ ᠮᠧᠲᠷ ᠵᠠᠮ ᠳᠡᠪᠢᠰᠪᠡ᠃ ᠪᠦᠬᠦ ᠠᠶᠢᠮᠠᠭ ᠲᠤ ᠭᠡᠷ ᠪᠠᠶᠢᠰᠢᠩ ᠲᠠᠲᠠᠪᠤᠷᠢᠯᠠᠬᠤ ︽ᠪᠢᠯᠧᠲ︾ ᠢ ᠰᠢᠯᠵᠢᠭᠦᠯᠦᠨ ᠲᠥᠪᠬᠢᠨᠡᠭᠦᠯᠵᠦ᠂ ᠨᠡᠶᠢᠲᠡ 111 ᠡᠷᠦᠬᠡ ᠲᠠᠲᠠᠪᠤᠷᠢᠯᠠᠬᠤ ᠬᠡᠯᠡᠯᠴᠡᠭᠡᠷ ᠲᠣᠭᠲᠠᠵᠤ᠂ 7.54 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠰᠢᠷᠣᠶ ᠶᠢ ᠠᠮᠢᠳᠤᠯᠢᠭ ᠪᠣᠯᠭᠠᠪᠠ᠃ ᠪᠥᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ 1.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ ᠳᠥᠷᠪᠡᠳᠦᠭᠡᠷ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠷᠠᠯᠢᠭ ᠤᠨ ᠶᠡᠷᠦᠩᠬᠡᠶᠢᠯᠡᠭᠰᠡᠨ ᠠᠰᠠᠷ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠰᠤᠷᠭᠠᠭᠤᠯᠢ ᠶᠢᠨ ᠬᠦᠷᠢᠶ᠎ᠡ ᠶᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠬᠤᠲᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢ ᠫᠠᠶᠢᠰᠠ ᠡᠯᠭᠦᠨ ᠪᠠᠶᠢᠭᠤᠯᠵᠤ᠂ ᠲᠣᠮᠣ ᠬᠡᠯᠪᠡᠷᠢ ᠶᠢᠨ ᠡᠮᠴᠢᠯᠡᠭᠡᠨ ᠤ ᠲᠥᠬᠦᠭᠡᠷᠦᠮᠵᠢ ᠶᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠵᠦ᠂ ᠰᠢᠶᠧ ᠾᠧ ᠡᠮᠨᠡᠯᠭᠡ ᠶᠢᠨ ᠬᠤᠷᠢᠶ᠎ᠠ᠂ ᠠᠨ ᠵᠧᠨ ᠡᠮᠨᠡᠯᠭᠡ ᠶᠢᠨ ᠬᠤᠷᠢᠶ᠎ᠠ ᠵᠡᠷᠭᠡ 10 ᠡᠮᠨᠡᠯᠭᠡ ᠶᠢᠨ ᠬᠤᠷᠢᠶ᠎ᠠ ᠲᠠᠢ ᠡᠮᠴᠢᠯᠡᠭᠡᠨ ᠤ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ︽ᠬᠡᠷ ᠤᠨ ᠡᠭᠦᠳᠡ︾ ᠳᠤ ᠨᠠᠷᠠᠲᠤ ᠲᠤᠰᠬᠠᠶ ᠮᠡᠷᠭᠡᠵᠢᠯᠲᠡᠨ ᠤ ᠣᠨᠣᠰᠢᠯᠠᠨ ᠡᠮᠨᠡᠬᠦ ᠦᠢᠯᠡᠴᠢᠯᠡᠭᠡ ᠶᠢ ᠭᠥᠷᠳᠡᠵᠦ ᠴᠢᠳᠠᠨ᠎ᠠ᠃ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 2.88 % ᠪᠠᠷ ᠬᠢᠵᠠᠭᠠᠷᠯᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠲᠦᠷ ᠴᠠᠭ ᠠᠪᠤᠷᠠᠨ ᠲᠤᠰᠠᠯᠠᠬᠤ ᠵᠡᠷᠭᠡ ᠪᠠᠷᠢᠮᠵᠢᠶ᠎ᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠦᠷᠭᠦᠯᠵᠢᠯᠡᠨ ᠪᠠᠲᠤᠯᠠᠪᠠ ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠵᠢᠱᠢᠯᠲᠡ ᠪᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠤᠰ ᠲᠤᠰ 4.5% ᠪᠠ 6% ᠪᠠᠷ ᠨᠡᠮᠡᠭᠳᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号