ᠵᠠᠰᠠᠭ ᠵᠠᠬᠢᠷᠭᠠᠨ ᠤ ᠳᠠᠬᠢᠨ ᠵᠥᠪᠯᠡᠬᠦ  ᠨᠡᠭᠡᠭᠡᠯᠲᠡ ᠶᠢᠨ ᠡᠳᠦᠷ ︱ ︽ᠬᠠᠤᠯᠢ ᠶᠣᠰᠣᠭᠠᠷ ᠵᠠᠰᠠᠭ ᠶᠠᠪᠤᠭᠤᠯᠬᠤ︾ ᠶᠢ ᠨᠢᠭᠡᠳᠦᠭᠡᠷ ᠬᠠᠷᠠᠭᠠᠰᠤ  ᠠᠴᠠ ᠣᠶᠢᠯᠠᠭᠠᠶ᠎ᠠ
ᠨᠡᠶᠢᠲᠡᠯᠡᠭᠰᠡᠨ ᠴᠠᠭ᠄
2024/1/11
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄      ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ 2024 ᠣᠨ ᠤ 1 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ  ᠬᠡᠷᠡᠭᠵᠢᠭᠦᠯᠵᠠᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢ  ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ  ᠨᠡᠶᠢᠭᠡᠮ ᠤᠨ ᠮᠡᠳᠡᠯᠭᠡ ᠶᠢᠨ  ᠬᠡᠪᠴᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ 1 ᠰᠠᠷ᠎ᠠ ᠶᠢᠨ 8 ᠤ ᠡᠳᠦᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠵᠠᠰᠠᠭ ᠵᠠᠬᠢᠷᠭᠠᠨ ᠤ ᠳᠠᠬᠢᠨ ᠵᠥᠪᠯᠡᠬᠦ  ᠨᠡᠭᠡᠭᠡᠯᠲᠡᠲᠤ ᠡᠳᠦᠷ ᠤᠨ  ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠠᠷᠠᠳ ᠤᠨ  ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠠᠵᠤ ᠠᠬᠤᠶᠢᠯᠠᠯ ᠤᠨ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠣᠯᠠᠨ ᠲᠦᠮᠡᠨ᠂ ᠬᠠᠤᠯᠢᠴᠢ ᠶᠢᠨ ᠲᠥᠯᠥᠭᠡᠯᠡᠭᠴᠢ᠂ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠣᠷᠣᠯᠴᠠᠵᠠᠢ᠃      ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠵᠠᠰᠠᠭ ᠵᠠᠬᠢᠷᠭᠠᠨ ᠤ  ᠲᠠᠬᠢᠨ ᠵᠦᠪᠯᠡᠬᠦ ᠬᠠᠤᠯᠢ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠭᠤᠯᠭ᠎ᠠ ᠶᠢ ᠰᠤᠷᠤᠯᠴᠠᠪᠠ᠃ ᠣᠯᠠᠨ ᠢᠶᠠᠷ ᠢᠶᠠᠨ  ᠰᠠᠨᠠᠯ ᠢᠶᠠᠨ ᠰᠣᠯᠢᠯᠴᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠴᠢᠩᠭᠠᠳᠬᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ   ᠡᠩᠨᠡᠭᠡᠨ ᠤ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠨᠡᠶᠢᠭᠡᠮ ᠤᠨ ᠡᠬᠢ ᠡᠭᠦᠰᠦᠯ ᠤᠨ ᠵᠠᠰᠠᠯᠲᠠ ᠶᠢ ᠠᠬᠢᠭᠤᠯᠬᠤ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ ᠰᠠᠨᠠᠯ ᠰᠠᠨᠠᠭᠤᠯᠭ᠎ᠠ  ᠲᠤᠷᠠᠳᠴᠠᠢ᠃        ᠵᠠᠰᠠᠭ ᠵᠠᠬᠢᠷᠭᠠᠨ ᠤ ᠳᠠᠬᠢᠨ ᠵᠥᠪᠯᠡᠬᠦ  ᠦᠢᠯᠡᠴᠢᠯᠡᠭᠡᠨ ᠤ ᠭᠥᠯᠢᠶᠡᠨ ᠠᠪᠬᠤ ᠭᠡᠷ ᠪᠣᠯ ᠣᠯᠠᠨ ᠲᠦᠮᠡᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ  ᠲᠥᠪ ᠭᠤᠥᠯᠴᠢ ᠰᠢᠳᠤᠷᠭᠤ ᠶᠣᠰᠣ ᠶᠢ ᠣᠶᠢᠯᠠᠭᠠᠬᠤ ᠠᠩᠬᠠᠨ ᠤ ᠴᠣᠩᠬᠤ ᠪᠣᠯᠣᠨ᠎ᠠ᠃ ᠲᠥᠯᠥᠭᠡᠯᠡᠭᠴᠢᠳ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠥᠯᠢᠶᠡᠨ ᠠᠪᠬᠤ ᠴᠣᠩᠬᠤ᠂ ᠳᠠᠬᠢᠨ ᠵᠥᠪᠯᠡᠬᠦ ᠲᠢᠩᠬᠢᠮ᠂ ᠲᠠᠩᠰᠠ ᠡᠪᠬᠡᠮᠡᠯ ᠤᠨ ᠲᠠᠰᠤᠭ ᠵᠡᠷᠭᠡ ᠠᠵᠢᠯ ᠤᠨ ᠲᠠᠯᠠᠪᠤᠷ ᠢᠶᠠᠷ ᠲᠣᠭᠤᠷᠢᠨ ᠦᠵᠡᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠦᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠲᠠᠯᠠᠪᠤᠷ ᠤᠨ ᠵᠢᠷᠤᠮᠵᠢᠭᠰᠠᠨ ᠪᠠᠶᠢᠭᠤᠯᠤᠯᠲᠠ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠤ ᠡᠳᠦᠷ ᠲᠤᠲᠤᠮ ᠤᠨ ᠬᠡᠷᠡᠭ ᠰᠢᠢᠳᠪᠦᠷᠢᠯᠡᠵᠦ ᠪᠠᠶᠢᠭ᠎ᠠ ᠪᠠᠶᠢᠳᠠᠯ ᠢ ᠣᠶᠢᠯᠠᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠲᠦᠯᠬᠢᠨ ᠠᠬᠢᠭᠤᠯᠤᠭᠰᠠᠨ ᠦᠷ᠎ᠡ ᠪᠦᠲᠦᠮᠵᠢ ᠶᠢ ᠣᠶᠢᠯᠠᠭᠠᠪᠠ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠪᠠ ᠠᠮᠢᠳᠤᠷᠠᠯ  ᠳᠤᠮᠳᠠ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ  ᠤᠬᠠᠭᠤᠯᠤᠨ ᠳᠡᠮᠵᠢᠵᠦ᠂ ᠬᠠᠤᠯᠢᠵᠢᠯ ᠤᠨ ᠪᠠᠶᠢᠭᠤᠯᠤᠯᠲᠠ ᠶᠢᠨ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠣᠯᠣᠨ᠎ᠠ ᠭᠡᠵᠦ ᠢᠯᠡᠳᠬᠡᠵᠡᠭᠡᠪᠡ᠃      ᠲᠣᠰ ᠤᠳᠠᠭᠠᠨ ᠤ ︽ᠵᠠᠰᠠᠭ ᠵᠠᠬᠢᠷᠭᠠᠨ ᠤ ᠳᠠᠬᠢᠨ ᠵᠥᠪᠯᠡᠬᠦ  ᠨᠡᠭᠡᠭᠡᠯᠲᠡ ᠶᠢᠨ ᠡᠳᠦᠷ︾ ᠤᠨ ᠠᠵᠢᠯᠯᠠᠭ᠎ᠠ ᠪᠣᠯ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠠᠷᠠᠳ ᠲᠤ ᠲᠥᠬᠦᠮ ᠦᠵᠡᠭᠦᠯᠬᠦ ᠳᠦᠷᠢᠮ ᠤᠨ ᠳᠠᠪᠠᠭᠤᠯᠢᠭ ᠢ ᠪᠠᠳᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢ ᠤᠬᠠᠭᠤᠯᠬᠤ  ᠴᠢᠬᠤᠯᠠ ᠠᠭᠤᠯᠭ᠎ᠠ ᠪᠣᠯᠣᠨ᠎ᠠ᠃        ᠬᠤᠲᠠ ᠶᠢᠨ ᠬᠠᠤᠯᠢ ᠴᠠᠭᠠᠵᠠ ᠶᠢᠨ  ᠲᠤᠪᠴᠢᠶᠠᠨ ᠤ ᠳᠡᠳ᠋ ᠳᠠᠷᠤᠭ᠎ᠠ ᠰᠦᠨ ᠼᠦᠢ ᠫᠢᠩ᠄          ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠨᠡᠭᠡᠯᠳᠡᠳᠠᠢ ᠪᠣᠯᠭᠠᠬᠤ ᠡᠳᠦᠷ ᠤᠨ  ᠰᠠᠭᠤᠳᠠᠯ ᠤᠨ ᠬᠤᠷᠠᠯ  ᠬᠤᠷᠠᠯᠳᠤᠵᠦ ᠪᠠᠶᠢᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠳᠡᠭᠡᠭᠰᠢᠯᠡᠭᠦᠯᠦᠨ ᠥᠷᠭᠡᠳᠬᠡᠵᠦ᠂   ᠠᠷᠠᠳ ᠲᠦᠮᠡᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢ ᠣᠶᠢᠯᠠᠭᠠᠭᠤᠯᠵᠤ᠂  ᠰᠢᠨ᠎ᠡ ᠬᠠᠤᠯᠢ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠢᠳᠡᠨ ᠤ ᠲᠠᠷᠠᠭᠠᠴᠢ ᠶᠢᠨ ᠠᠯᠬᠤᠮ ᠤᠨ ᠠᠵᠢᠯ ᠳᠤ ᠰᠠᠭᠤᠷᠢ ᠲᠠᠯᠪᠢᠬᠤ ᠶᠢᠨ ᠲᠥᠯᠥᠭᠡ ᠶᠤᠮ᠃    
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号