2023 ᠣᠨ ᠳᠤ ᠡᠷᠢᠶᠡᠨ ᠪᠣᠭᠤᠮᠲᠠ26.2 ᠲᠦᠮᠡᠨ ᠵᠠᠮ ᠲᠡᠭᠡᠭᠡᠪᠦᠷᠢ ᠶᠢᠨ ᠪᠠᠭᠠᠵᠢ ᠶᠢ ᠰᠢᠯᠭᠠᠨ  ᠦᠩᠭᠡᠷᠡᠭᠦᠯᠦᠭᠰᠡᠨ
ᠨᠡᠶᠢᠲᠡᠯᠡᠭᠰᠡᠨ ᠴᠠᠭ᠄
2024/1/11
ᠤᠷᠴᠢᠭᠤᠯᠤᠭᠴᠢ: ᠪᠦᠷᠢᠩᠭᠤᠸ᠎ᠠᠣᠳᠣᠷᠢᠳᠬᠠᠯ  ᠄     2023 ᠣᠨ ᠳᠤ᠂ ᠡᠷᠢᠶᠡᠨ ᠪᠣᠭᠤᠮᠲᠠ ᠤᠷᠢᠳ ᠬᠤᠵᠢᠳ ︽ᠨᠢᠭᠡ ᠦᠷᠳᠡᠭᠡᠴᠢᠯᠡᠭᠰᠡᠨ  ᠬᠡᠯᠪᠡᠷᠢ︾   ᠶᠢᠨ ᠦᠢᠯᠡᠴᠢᠯᠡᠭᠡ᠂ 24 ᠴᠠᠭ  ᠢᠶᠠᠷ ᠪᠣᠭᠤᠮᠲᠠ  ᠥᠩᠭᠡᠷᠡᠬᠦ ᠦᠢᠯᠡᠴᠢᠯᠡᠭᠡ᠂ ᠰᠠᠭᠠᠳ ᠦᠭᠡᠢ ᠨᠡᠪᠲᠡᠷᠡᠬᠦ ᠵᠠᠮ ᠵᠡᠷᠭᠡ ᠠᠷᠭ᠎ᠠ ᠬᠡᠮᠵᠢᠶ᠎ᠡ ᠠᠪᠴᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠷᠠᠯᠵᠢᠶᠠᠨ ᠤ ᠳᠥᠭᠦᠮᠴᠢᠯᠡᠯᠲᠡ ᠶᠢ ᠲᠠᠰᠤᠷᠠᠯᠲᠠ ᠦᠭᠡᠢ ᠠᠬᠢᠭᠤᠯᠪᠠ᠃ ᠪᠦᠷᠢᠳᠬᠡᠯ ᠢ ᠦᠨᠳᠦᠰᠦᠯᠡᠪᠡᠯ᠂ ᠡᠷᠢᠶᠡᠨ ᠪᠣᠭᠤᠮᠲᠠ ᠶᠢᠨ ᠬᠢᠨ ᠪᠥᠬᠦ ᠵᠢᠯ ᠳᠤ ᠨᠡᠶᠢᠲᠡ 26.2 ᠲᠦᠮᠡᠨ  ᠵᠠᠮ ᠲᠡᠭᠡᠭᠡᠪᠦᠷᠢ ᠶᠢᠨ ᠪᠠᠭᠠᠵᠢ ᠶᠢ ᠰᠢᠯᠭᠠᠨ ᠦᠩᠭᠡᠷᠡᠭᠦᠯᠦᠭᠰᠡᠨ ᠪᠠᠶᠢᠨ᠎ᠠ᠃ᠳᠠᠶᠢᠯᠪᠤᠷᠢ᠄    ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ ᠶᠢᠨ  ᠣᠷᠣᠰᠣᠯ ᠳᠤ  ᠴᠢᠭᠯᠡᠭᠦᠯᠦᠨ  ᠂ ᠡᠷᠢᠶᠡᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ  ᠨᠡᠭᠦᠳᠡᠯ ᠠᠷᠠᠳ ᠤᠨ ᠬᠠᠮᠢᠶᠠᠷᠤᠯᠲᠠ ᠶᠢᠨ ᠬᠦᠷᠢᠶᠡᠨ ᠳᠠᠬᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠠᠷᠢᠶᠠᠯᠠᠩ ᠳᠤ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ︾ ᠪᠠ ︽ᠲᠠᠸᠠᠷ ᠤᠨ ᠲᠡᠷᠭᠡ ᠶᠢᠨ ᠲᠤᠰᠬᠠᠢ ᠨᠡᠪᠲᠡᠷᠡᠬᠦ ᠵᠠᠮ︾ ᠵᠡᠷᠭᠡ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠠᠷᠭ᠎ᠠ  ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ︽ᠬᠥᠮᠥᠨ ᠲᠡᠷᠭᠡ ᠶᠢ  ᠬᠦᠯᠢᠶᠡᠬᠦ᠂ ᠭᠦᠷᠪᠡᠯ ᠳᠠᠷᠤᠢ ᠪᠠᠶᠢᠴᠠᠭᠠᠬᠤ︾ ᠶᠢ ᠪᠠᠷᠢᠮᠲᠠᠯᠠᠵᠤ᠂ ᠪᠣᠭᠤᠮᠲᠠ ᠪᠠᠷ ᠥᠩᠭᠡᠷᠡᠬᠦ ᠲᠡᠷᠭᠡ ᠬᠥᠰᠬᠡ ᠶᠢᠨ ᠬᠡᠵᠢᠶ᠎ᠡ ᠢᠷᠡᠪᠡᠯ ᠲᠡᠷᠡ ᠳᠠᠷᠤᠢ ᠳᠤ ᠨᠢ  ᠪᠠᠶᠢᠴᠠᠭᠠᠬᠤ  ᠶᠢ ᠪᠠᠲᠤᠯᠠᠵᠤ᠂ ᠳᠠᠩᠰᠠᠯᠠᠭᠤᠯᠤᠨ ᠮᠡᠳᠡᠭᠦᠯᠬᠦ ᠳᠤ ︽ᠳᠤᠲᠠᠭᠤ ᠭᠦᠶᠦᠯᠭᠡᠬᠦ︾᠂ ᠬᠥᠮᠥᠨ ᠠᠮᠠ ᠶᠢᠨ ᠪᠣᠭᠤᠮᠲᠠ ᠪᠠᠷ ᠥᠩᠭᠡᠷᠡᠬᠦ ᠳᠤ ︽ᠥᠴᠥᠬᠡᠨ ᠴᠦ ᠬᠦᠯᠢᠶᠡᠬᠦ ᠦᠭᠡᠢ︾᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠳᠤ ︽ᠥᠴᠥᠬᠡᠨ ᠴᠦ ᠬᠤᠶᠢᠰᠢᠯᠠᠭᠤᠯᠬᠤ ᠦᠭᠡᠢ︾ ᠪᠠᠶᠢᠬᠤ ᠶᠢ  ᠪᠡᠶᠡᠯᠡᠬᠦᠯᠵᠡᠢ᠃    ᠰᠣᠷᠪᠣᠯᠵᠢᠯᠠᠭ᠎ᠠ᠄ ᠡᠷᠢᠶᠡᠨ  ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠵᠢᠵᠢᠭᠦᠷᠯᠡᠬᠦ ᠲᠠᠪᠤᠳᠤᠭᠠᠷ ᠠᠩᠭᠢ ᠶᠢᠨ ᠤᠯᠤᠰ ᠲᠥᠷᠥ ᠶᠢᠨ ᠵᠢᠭᠠᠨ ᠵᠢᠯᠣᠭᠤᠳᠤᠭᠴᠢ ᠬᠠᠩ ᠶᠠ ᠺᠠᠢ   ᠪᠣᠭᠤᠮᠲᠠ ᠶᠢᠨ 24 ᠴᠠᠭ ᠤᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠶᠢ ᠲᠤᠷᠰᠢᠨ ᠬᠡᠷᠡᠭᠵᠢᠭᠦᠯᠦᠭᠰᠡᠨ ᠠᠴᠠ  ᠨᠠᠭᠠᠰᠢ᠂ ᠳᠤᠮᠳᠠᠴᠢ ᠪᠠᠷ ᠡᠳᠦᠷ ᠪᠦᠷᠢ ᠶᠢᠨ ᠬᠢᠯᠢ ᠪᠠᠷ ᠣᠷᠣᠵᠤ ᠭᠠᠷᠬᠤ ᠪᠠᠷᠠᠭᠠᠨ ᠤ ᠲᠡᠷᠭᠡ 500 ᠭᠠᠷᠤᠢ ᠪᠣᠯᠪᠠ᠃ ᠪᠢᠳᠡ ᠲᠣᠮᠣ ᠬᠡᠯᠪᠡᠷᠢ ᠶᠢᠨ ᠪᠠᠷᠠᠭ᠎ᠠ ᠪᠣᠯᠣᠨ ᠵᠢᠮᠢᠰ ᠢᠳᠡᠰᠢᠨ‌ᠨᠤᠭᠤᠭ᠎ᠠ ᠶᠢᠨ ᠠᠵᠤ ᠠᠬᠤᠶᠢᠯᠠᠯ ᠳᠤ︽ᠲᠤᠰᠬᠠᠢ ᠨᠡᠪᠲᠡᠷᠡᠬᠦ ᠵᠠᠮ︾ ᠪᠠ ︽ᠲᠠᠷᠢᠶᠠᠯᠠᠩ ᠳᠤ  ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠠᠭᠠᠳ ᠦᠭᠡᠢ ᠨᠡᠪᠲᠡᠷᠡᠬᠦ ᠵᠠᠮ︾ ᠢ ᠨᠠᠪᠲᠠᠷᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ ᠶᠢ ᠪᠠᠲᠤᠯᠠᠬᠤ᠂ ᠭᠠᠳᠠᠭᠠᠳᠤ ᠭᠠᠷᠭᠠᠯᠲᠠ ᠶᠢ ᠲᠣᠭᠲᠠᠪᠤᠷᠢᠵᠢᠭᠤᠯᠬᠤ ᠳᠤ ᠬᠦᠴᠦᠨ   ᠨᠡᠮᠡᠷᠢᠯᠡᠵᠡᠢ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号