ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠪᠡᠳᠡᠬᠢ ᠳᠤᠮᠳᠠᠳᠤ ᠤᠯᠤᠰ ᠤᠨ ᠠᠷᠠᠳ ᠤᠨ ᠴᠬᠠᠳᠠᠭᠠᠨ ᠤ ᠪᠠᠶᠠᠷ ᠢ ᠪᠡᠯᠭᠡᠯᠡᠬᠦ ᠠᠵᠢᠯᠯᠠᠭ᠎ᠠ  ᠦᠷᠨᠢᠭᠦᠯᠦᠭᠰᠡᠨ
ᠨᠡᠶᠢᠲᠡᠯᠡᠭᠰᠡᠨ ᠴᠠᠭ᠄
2024/1/11
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄        38 ᠵᠢᠯ ᠤᠨ ᠲᠤᠷᠰᠢ 110  ᠣᠨᠴᠠᠭᠠᠢ  ᠳ᠋ᠤᠭᠠᠷ ᠤᠯᠠᠨ ᠳᠤ  ᠪᠠᠷ᠎ᠠ ᠪᠤᠯᠤᠠᠠᠰᠠᠭᠠᠷ ᠦᠨᠦ ᠪᠤᠯᠵᠠᠢ᠃ 2024 ᠣᠨ ᠤ 1 ᠰᠠᠷ᠎ᠠ ᠶᠢᠨ 10 ᠤ ᠡᠳᠦᠷ ᠪᠣᠯ ᠳᠥᠷᠪᠡᠳᠡᠬᠢ ᠳᠤᠮᠳᠠᠳᠤ ᠤᠯᠤᠰ ᠤᠨ ᠠᠷᠠᠳ ᠤᠨ ᠴᠬᠠᠳᠠᠭᠠᠨ ᠤ ᠪᠠᠶᠠᠷ ᠤᠨ ᠡᠳᠦᠷ᠂ ᠮᠥᠨ ᠴᠦ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 38   ᠳᠠᠬᠢ  ︽110 ᠤᠬᠠᠭᠤᠯᠭ᠎ᠠ ᠶᠢᠨ ᠡᠳᠦᠷ︾ ᠪᠣᠯᠣᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ  ᠡᠷᠴᠢ ᠵᠣᠷᠢᠭ ᠲᠠᠢ᠂  ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ ᠂ 110 ᠡᠭᠦᠷᠢᠳᠡ ︽ᠠᠷᠠᠳ ᠲᠦᠮᠡᠨ ᠤ ᠰᠠᠬᠢᠨ ᠬᠠᠮᠠᠭᠠᠯᠠᠭᠴᠢ︾ ᠪᠣᠯᠬᠤ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠬᠦ ᠶᠢᠨ ᠲᠥᠯᠥᠭᠡ᠂ 1 ᠰᠠᠷ᠎ᠠ ᠶᠢᠨ 10 ᠤ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠣᠯᠠᠨ  ᠶᠡᠩᠵᠦ ᠶᠢᠨ ᠠᠵᠢᠯᠯᠠᠭ᠎ᠠ ᠥᠷᠨᠢᠭᠦᠯᠵᠦ ᠪᠠᠶᠠᠷ ᠤᠨ ᠡᠳᠦᠷ  ᠢᠶᠠᠨ ᠪᠡᠯᠭᠡᠯᠡᠪᠡ᠃  ᠲᠠᠶᠢᠯᠪᠦᠷᠢ᠄       ᠲᠤᠬᠠᠢ ᠶᠢᠨ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠤᠭ ᠮᠠᠨᠳᠤᠭᠤᠯᠬᠤ ᠶᠣᠰᠣᠯᠠᠯ  ᠶᠠᠪᠤᠭᠤᠯᠵᠤ᠂  ᠠᠷᠠᠳ ᠤᠨ ᠴᠠᠭᠳᠠᠭ᠎ᠠ ᠨᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠤᠨ ᠴᠬᠠᠳᠠᠭᠠᠨ ᠤ ᠲᠠᠩᠭᠠᠷᠢᠭ ᠤᠨ ᠦᠭᠡᠰ ᠢ ᠳᠠᠬᠢᠨ ᠤᠩᠰᠢᠪᠠ᠃ ᠲᠥᠪ ᠴᠢᠩᠭ᠎ᠠ ᠲᠠᠩᠭᠠᠷᠢᠭ ᠨᠢ  ᠪᠦᠬᠦ ᠬᠤᠳᠠ ᠶᠢᠨ ᠳᠣᠲᠣᠭᠠᠳᠤ ᠶᠢ ᠬᠠᠮᠠᠭᠠᠯᠠᠬᠤ   ᠠᠷᠠᠳ ᠤᠨ ᠴᠬᠠᠳᠠᠭ᠎ᠠ ᠲᠤᠰᠠᠯᠠᠬᠤ  ᠴᠬᠠᠳᠠᠭᠠᠨ ᠤ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠤ ᠦᠢᠯᠡᠴᠢᠯᠡᠬᠦ᠂  ᠲᠥᠪ ᠭᠤᠣᠯᠴᠢ  ᠪᠠᠷ ᠬᠠᠤᠯᠢ  ᠬᠡᠷᠡᠭᠵᠢᠭᠦᠯᠬᠦ  ᠂ ᠰᠠᠬᠢᠯᠭ᠎ᠠ ᠪᠠᠲᠤ ᠴᠢᠩᠭ᠎ᠠ ᠪᠠᠶᠢᠬᠤ ᠪᠠᠲᠤ ᠴᠢᠩᠭ᠎ᠠ ᠢᠲᠡᠭᠡᠯ  ᠵᠤᠷᠢᠭ ᠢ ᠢᠯᠡᠳᠬᠡᠵᠡᠢ᠃        ᠳᠠᠷᠠᠭ᠎ᠠ   ᠨᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ 110 ᠵᠢᠯᠤᠭᠤᠳᠬᠤ ᠲᠥᠪ᠂ ᠬᠠᠤᠯᠢ ᠳᠦᠷᠢᠮ᠂ ᠵᠠᠮ ᠬᠠᠷᠢᠯᠴᠠᠭᠠᠨ ᠤ ᠴᠠᠭᠳᠠᠭ᠎ᠠ᠂ ᠬᠤᠣᠷ ᠴᠠᠭᠠᠵᠠᠯᠠᠬᠤ ᠵᠡᠷᠭᠡ ᠰᠠᠯᠠᠭ᠎ᠠ ᠮᠥᠴᠢᠷ ᠤᠨ ᠠᠷᠠᠳ ᠤᠨ  ᠴᠬᠠᠳᠠᠭ᠎ᠠ  ᠲᠤᠰᠠᠯᠠᠬᠤ  ᠴᠬᠠᠳᠠᠭᠠᠨ ᠤ ᠬᠢᠨ  ᠦᠬᠢᠨ ᠪᠤᠯᠠᠭ  ᠠᠭᠤᠳᠠᠮ ᠲᠠᠯᠠᠪᠠᠢ ᠳᠤ  ︽ ᠡᠷᠡᠯᠬᠡᠭᠯᠡᠨ ᠤᠷᠤᠭᠰᠢᠯᠠᠬᠤ 110  ᠨᠢᠭᠡ ᠰᠡᠳᠬᠢᠯ  ᠨᠢᠭᠡ ᠵᠣᠷᠢᠭ ᠢᠶᠠᠷ ᠠᠷᠠᠳ  ᠲᠦᠮᠡᠨ ᠤ  ᠠᠮᠤᠷ ᠲᠦᠪᠰᠢᠨ   ᠤ ᠲᠥᠯᠥᠭᠡ  ︾  ᠭᠤᠤᠯ ᠰᠡᠳᠤᠪᠳᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠷᠠᠳ ᠤᠨ ᠴᠠᠭᠳᠠᠭ᠎ᠠ  ᠨᠠᠷ ᠪᠠᠰᠠ ︽110 ᠤᠬᠠᠭᠤᠯᠭ᠎ᠠ ᠶᠢᠨ ᠡᠳᠦᠷ︾ ᠤᠨ ᠭᠤᠣᠯ ᠰᠡᠳᠦᠪ ᠤᠨ ᠲᠣᠭᠤᠷᠢᠨ ᠳᠤ᠂ ᠳᠡᠯᠭᠡᠨ ᠦᠵᠡᠭᠦᠯᠬᠦ ᠰᠠᠮᠪᠠᠷ᠎ᠠ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠣᠯᠠᠨ ᠲᠦᠮᠡᠨ ᠤ ᠠᠰᠠᠭᠤᠨ  ᠯᠠᠪᠯᠠᠯᠳᠠ ᠳᠤ ᠬᠠᠷᠢᠭᠤᠯᠲᠠ ᠥᠭᠬᠦ ᠵᠡᠷᠭᠡ ᠠᠷᠭ᠎ᠠ ᠬᠡᠯᠪᠡᠷᠢ ᠶᠢ ᠠᠪᠴᠤ᠂  ᠬᠤᠳᠠᠯᠳᠤᠭᠠᠨ ᠤ ᠭᠡᠳᠤ ᠳᠡᠯᠭᠡᠭᠦᠷ᠂ ᠨᠡᠶᠢᠭᠡᠮ ᠲᠣᠭᠤᠷᠢᠭ᠂ ᠴᠡᠴᠡᠷᠯᠢᠭ ᠵᠡᠷᠭᠡ ᠭᠠᠵᠠᠷ ᠢᠶᠠᠷ ᠭᠦᠨᠵᠡᠭᠡᠶᠢᠷᠡᠨ᠂ ᠨᠠᠰᠢ ᠴᠠᠰᠢ  ᠵᠤᠷᠴᠢᠬᠤ ᠤᠯᠠᠨ ᠲᠦᠮᠡᠨ ᠳᠤ 110 ᠴᠠᠭᠳᠠᠭ᠎ᠠ ᠳᠤ ᠮᠡᠳᠡᠭᠦᠯᠬᠦ ᠤᠲᠠᠰᠤ ᠪᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠤᠲᠠᠰᠤᠨ ᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ ᠶᠢ ᠲᠠᠶᠢᠯᠪᠤᠷᠢᠯᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ  ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠬᠤᠣᠷᠲᠤ ᠡᠳ᠋ ᠢ ᠴᠠᠭᠠᠵᠠᠯᠠᠬᠤ᠂ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠳᠦᠷᠢᠮ᠂ ᠰᠦᠷᠳᠡᠭᠦᠯᠦᠯ ᠢ ᠡᠰᠡᠷᠭᠦᠴᠡᠬᠦ ᠵᠡᠷᠭᠡ ᠮᠡᠳᠡᠯᠭᠡ ᠶᠢ ᠤᠬᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ  ᠬᠤᠷᠢᠶᠠᠵᠤ᠂ ᠤᠯᠠᠨ ᠲᠦᠮᠡᠨ ᠤ ᠠᠰᠠᠭᠤᠨ  ᠯᠡᠪᠯᠡᠯᠳᠡ ᠶᠢ  ᠬᠠᠷᠢᠭᠤᠯᠵᠤ  ᠂ ᠴᠠᠭᠳᠠᠭ᠎ᠠ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠣᠶᠢᠷᠠᠲᠤᠭᠤᠯᠪᠠ᠃           ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠬᠤᠲᠠ  ᠶᠢᠨ 110  ᠴᠬᠠᠳᠠᠭ᠎ᠠ ᠳᠤ ᠮᠡᠳᠡᠭᠦᠯᠬᠦ ᠦᠢᠯᠡᠴᠢᠯᠡᠭᠡᠨ ᠤ ᠲᠠᠪᠴᠠᠩ  ᠨᠡᠶᠢᠲᠡ 7772  ᠮᠡᠳᠡᠭᠦᠯᠦᠯᠳᠡ ᠶᠢ ᠭᠥᠯᠢᠶᠡᠨ ᠠᠪᠴᠤ᠂ ᠣᠯᠠᠨ ᠲᠦᠮᠡᠨ ᠤ ᠲᠤᠰᠠᠯᠠᠮᠵᠢ ᠶᠢᠨ ᠭᠤᠶᠤᠴᠢᠯᠠᠯᠳᠠ 2527  ᠤᠳᠠᠭ᠎ᠠ᠂ ᠣᠯᠠᠨ ᠲᠦᠮᠡᠨ ᠤ ᠠᠰᠠᠭᠤᠨ  ᠯᠠᠪᠯᠠᠯᠳᠠ ᠶᠢ 788 ᠤᠳᠠᠭ᠎ᠠ ᠭᠥᠯᠢᠶᠡᠨ ᠠᠪᠤᠭᠰᠠᠨ ᠪᠠᠶᠢᠨ᠎ᠠ᠃ ᠣᠯᠠᠨ ᠲᠦᠮᠡᠨ ᠤ 110  ᠴᠬᠠᠳᠠᠭᠠᠨ ᠤ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ  ᠳᠡᠭᠡᠭᠰᠢᠯᠡᠵᠦ᠂ ᠠᠮᠤᠷ ᠲᠦᠪᠰᠢᠨ ᠤ ᠰᠡᠳᠬᠢᠯᠭᠡ  ᠨᠡᠮᠡᠭᠳᠡᠭᠰᠡᠨ ᠪᠠᠶᠢᠨ᠎ᠠ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号