ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠵᠢᠴᠢ ᠶᠡᠭᠡ ᠳᠡᠭᠡᠳᠦ ᠰᠤᠷᠭᠠᠭᠤᠯᠢ ᠶᠢᠨ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠠᠵᠢᠯ ᠤᠨ ᠲᠤᠰᠬᠠᠢ ᠰᠡᠳᠦᠪᠲᠦ  ᠬᠤᠷᠠᠯ ᠬᠤᠷᠠᠯᠳᠣᠭᠰᠠᠨ
ᠨᠡᠶᠢᠲᠡᠯᠡᠭᠰᠡᠨ ᠴᠠᠭ᠄
2024/1/11
        1 ᠰᠠᠷ᠎ᠠ ᠶᠢᠨ 4 ᠤ ᠡᠳᠦᠷ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠵᠢᠴᠢ ᠶᠡᠭᠡ ᠳᠡᠭᠡᠳᠦ ᠰᠤᠷᠭᠠᠭᠤᠯᠢ ᠶᠢᠨ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠠᠵᠢᠯ ᠤᠨ ᠲᠤᠰᠬᠠᠢ ᠰᠡᠳᠦᠪᠲᠦ ᠬᠤᠷᠠᠯ ᠬᠤᠷᠠᠯᠳᠤᠵᠤ᠂ ᠳᠡᠭᠡᠳᠦ ᠱᠠᠲᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ  ᠳᠠᠮᠵᠢᠭᠤᠯᠤᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠠᠵᠢᠯ  ᠢ ᠲᠣᠬᠢᠷᠠᠭᠤᠯᠤᠨ ᠪᠠᠶᠢᠷᠢᠯᠠᠭᠤᠯᠪᠠ᠃          ᠬᠤᠷᠠᠯ   ᠳᠤ ᠴᠢᠬᠤᠯᠠᠴᠢᠯᠠᠬᠤ  ᠳᠠᠭᠠᠨ᠂ ᠬᠠᠤᠯᠢᠵᠢᠯ ᠤᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠪᠠᠭᠰᠢ ᠰᠤᠷᠤᠭᠴᠢᠳ ᠤᠨ ᠰᠦᠷᠳᠡᠭᠦᠯᠦᠯ ᠢ ᠡᠰᠡᠷᠭᠦᠴᠡᠬᠦ ᠤᠬᠠᠮᠰᠠᠷ ᠪᠣᠯᠣᠨ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠨᠠᠰᠤᠨ ᠳᠤ ᠦᠯᠦ ᠬᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭᠲᠠᠢ ᠣᠷᠴᠢᠨ ᠢ ᠪᠤᠢ ᠪᠣᠯᠭᠠᠬᠤ ᠬᠡᠷᠡᠭᠲᠡᠢ᠃ ᠡᠯ᠎ᠡ ᠰᠤᠷᠭᠠᠭᠤᠯᠢ ᠶᠢᠨ ᠬᠦᠷᠢᠶᠡᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠠᠵᠢᠯ ᠤᠨ ᠡᠭᠦᠷᠭᠡ ᠶᠢ  ᠭᠦᠢᠴᠡᠳ ᠨᠠᠶᠢᠳᠠᠪᠤᠷᠢᠵᠢᠭᠤᠯᠬᠤ ᠬᠡᠷᠡᠭᠲᠡᠢ᠃ ᠭᠡᠷ ᠤᠨ ᠠᠬᠠᠮᠠᠳ ᠪᠠ ᠰᠤᠷᠭᠠᠭᠤᠯᠢ ᠬᠤᠯᠪᠤᠭᠠᠯᠠᠨ ᠬᠥᠳᠡᠯᠦᠯᠴᠡᠬᠦ ᠶᠢ  ᠴᠢᠩᠭᠠᠳᠬᠠᠵᠤ᠂ ᠭᠡᠷ ᠤᠨ ᠠᠬᠠᠮᠠᠳ  ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠪᠠ  ᠢᠳᠬᠠᠬᠤ ᠶᠢ ᠰᠠᠨᠠᠭᠤᠯᠵᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠴᠠᠭ ᠢ ᠵᠣᠬᠢᠰᠲᠠᠢ ᠲᠣᠬᠢᠷᠠᠭᠤᠯᠤᠨ᠂ ᠬᠢᠨᠠᠨ ᠬᠠᠮᠠᠭᠠᠯᠠᠭᠴᠢ ᠶᠢᠨ ᠰᠦᠯᠵᠢᠶᠡᠨ ᠤ ᠬᠡᠪ ᠪᠣᠯᠪᠠᠰᠤᠷᠠᠯ ᠤᠨ ᠬᠥᠮᠦᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠰᠠᠶᠢᠳᠦᠷ ᠬᠢᠵᠦ᠂ ᠨᠠᠰᠤᠨ ᠳᠤ ᠥᠯᠥ ᠭᠦᠷᠦᠭᠰᠡᠳ  ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠭᠡᠷᠡᠭᠳᠡᠢ ᠬᠡᠵᠡᠢ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号