ᠡᠷᠢᠶᠡᠨ ᠬᠤᠲᠠ ᠶᠢᠨ ᠤᠯᠤᠰ ᠤᠨ ᠡᠬᠦᠳᠠ ᠦᠵᠡᠮᠵᠢ ᠶᠢᠨ ᠣᠷᠣᠨ ᠤ ᠬᠡᠭᠡᠷ᠎ᠡ ᠶᠢᠨ ᠠᠮᠢᠲᠠᠨ ᠢ ᠠᠪᠤᠷᠠᠨ ᠬᠠᠮᠠᠭᠠᠯᠠᠬᠤ ᠭᠠᠵᠠᠷ ᠪᠠᠶᠢᠭᠤᠯᠣᠭᠳᠠᠪᠠ
ᠨᠡᠶᠢᠲᠡᠯᠡᠭᠰᠡᠨ ᠴᠠᠭ᠄
2024/1/12
      ᠣᠷᠴᠢᠮ ᠮᠣᠩᠭᠤᠯ ᠣᠯᠣᠰ ᠠᠴᠠ ᠵᠡᠭᠡᠷ᠎ᠡ᠂  ᠬᠤᠯᠠᠨ ᠵᠡᠷᠭᠡ ᠬᠡᠭᠡᠷ᠎ᠡ ᠶᠢᠨ ᠠᠮᠢᠲᠠᠨ ᠤᠯᠤᠰ ᠤᠨ ᠡᠭᠦᠳᠡᠨ ᠤ ᠲᠡᠮᠦᠷ ᠵᠠᠮ ᠢ ᠳᠠᠭᠠᠵᠦ ᠳᠤᠮᠳᠠᠳᠤ ᠤᠯᠤᠰ ᠤᠨ ᠬᠢᠯᠢ ᠳᠤ ᠣᠷᠣᠵᠦ ᠢᠷᠡᠨ᠂ ᠣᠯᠠᠨ ᠲᠠᠯ᠎ᠠ ᠶᠢᠨ ᠠᠩᠬᠠᠷᠤᠯ ᠢ  ᠳᠠᠳᠠᠭᠰᠠᠨ ᠪᠠᠶᠢᠨ᠎ᠠ᠃ ᠲᠠᠯ᠎ᠠ ᠨᠤᠲᠤᠭ ᠤᠨ ᠬᠡᠬᠡᠷ᠎ᠡ ᠶᠢᠨ ᠠᠮᠢᠳᠠᠨ ᠢ ᠰᠠᠶᠢᠲᠤᠷ ᠬᠠᠮᠠᠭᠠᠯᠠᠬᠤ ᠶᠢᠨ ᠳᠣᠯᠠᠳᠠ᠂ 1 ᠰᠠᠷ᠎ᠠ ᠶᠢᠨ 10 ᠤ ᠡᠳᠦᠷ᠂ ᠬᠤᠲᠠ ᠶᠢᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠡᠷᠢᠶᠡᠨ ᠬᠤᠲᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ ᠲᠠᠢ ᠬᠠᠮᠲᠤᠷᠠᠨ ᠤᠯᠤᠰ ᠤᠨ ᠡᠬᠦᠳᠠ ᠦᠵᠡᠮᠵᠢ ᠶᠢᠨ ᠣᠷᠣᠨ ᠤ ᠬᠡᠭᠡᠷ᠎ᠡ ᠶᠢᠨ ᠠᠮᠢᠲᠠᠨ ᠢ ᠠᠪᠤᠷᠠᠨ  ᠬᠠᠮᠠᠭᠠᠯᠠᠬᠤ ᠭᠠᠵᠠᠷ ᠢ ᠪᠠᠶᠢᠭᠤᠯᠵᠦ ᠫᠠᠶᠢᠰᠠ ᠰᠡᠬᠦᠪᠡ᠃
  ᠤᠯᠤᠰ ᠤᠨ ᠡᠬᠦᠳᠠ ᠦᠵᠡᠮᠵᠢ ᠶᠢᠨ ᠣᠷᠣᠨ ᠤ ᠬᠡᠭᠡᠷ᠎ᠡ ᠶᠢᠨ ᠠᠮᠢᠲᠠᠨ ᠢ ᠠᠪᠤᠷᠠᠨ ᠬᠠᠮᠠᠭᠠᠯᠠᠬᠤ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠡᠷᠢᠶᠡᠨ ᠬᠤᠳᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠥᠷᠲᠡᠭᠡ᠂ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠲᠠᠢ ᠬᠠᠮᠲᠤᠷᠠᠨ ᠠᠪᠤᠷᠠᠨ ᠬᠠᠮᠠᠭᠠᠯᠠᠬᠤ ᠭᠠᠵᠠᠷ ᠤᠨ ᠲᠠᠪᠴᠠᠩ ᠢ ᠠᠰᠢᠭᠯᠠᠨ ᠪᠣᠭᠤᠮᠲᠠ ᠶᠢᠨ ᠣᠷᠣᠨ ᠬᠡᠪᠴᠢᠶᠡᠨ ᠤ ᠳᠣᠲᠣᠷᠠᠬᠢ ᠬᠡᠭᠡᠷ᠎ᠡ ᠶᠢᠨ ᠠᠮᠢᠲᠠᠨ ᠢ ᠲᠣᠭᠤᠷᠢᠨ ᠪᠠᠶᠢᠴᠠᠭᠠᠬᠤ ᠪᠠ ᠠᠪᠤᠷᠠᠨ ᠬᠠᠮᠠᠭᠠᠯᠠᠬᠤ ᠠᠵᠢᠯ ᠢ ᠥᠷᠨᠢᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠳᠣᠷᠠᠨ ᠣᠷᠣᠰᠢᠬᠤ ᠶᠢ ᠠᠬᠢᠭᠤᠯᠵᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠪᠣᠭᠤᠮᠲᠠ ᠶᠢᠨ ᠠᠮᠢ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠠᠬᠢᠭᠤᠯᠪᠠ᠃    ᠣᠶᠢᠷ᠎ᠠ ᠶᠢᠨ ᠵᠢᠯ ᠳᠤ᠂ ᠲᠠᠯ᠎ᠠ ᠨᠤᠲᠤᠭ ᠤᠨ ᠠᠮᠢ ᠠᠬᠤᠶ ᠠᠯᠭᠤᠷ ᠢᠶᠠᠷ ᠰᠡᠷᠬᠦᠬᠦ ᠶᠢ ᠳᠠᠭᠠᠯᠳᠣᠨ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯᠯᠠᠭ᠎ᠠ ᠲᠠᠰᠤᠷᠠᠯᠲᠠ ᠦᠭᠡᠢ ᠴᠢᠩᠭᠠᠷᠠᠵᠦ᠂ ᠪᠣᠭᠤᠮᠲᠠ ᠶᠢᠨ ᠭᠠᠵᠠᠷ ᠣᠷᠣᠨ ᠤ ᠬᠡᠭᠡᠷ᠎ᠡ ᠶᠢᠨ ᠠᠮᠢᠲᠠᠨ ᠤ ᠰᠦᠷᠦᠭ ᠤᠨ ᠲᠤᠭ᠎ᠠ ᠨᠡᠮᠡᠭᠳᠡᠵᠦ᠂ ᠵᠡᠭᠡᠷ᠎ᠡ᠂ ᠠᠷᠭᠠᠯᠢ ᠣᠭᠠᠯᠵᠠ᠂ ᠬᠤᠯᠠᠨ ᠵᠡᠷᠭᠡ ᠬᠤᠪᠣᠷ ᠴᠤᠬᠠᠭ ᠬᠡᠭᠡᠷ᠎ᠡ ᠶᠢᠨ ᠠᠮᠢᠲᠠᠨ ᠤᠯᠤᠰ ᠤᠨ ᠡᠬᠦᠳᠠ ᠳᠠᠭᠠᠣ ᠢᠳᠡᠰᠢ ᠬᠠᠶᠢᠵᠦ ᠨᠡᠬᠦᠳᠡᠯᠯᠡᠨ ᠣᠷᠣᠵᠦ ᠢᠷᠡᠪᠡ᠃ ᠪᠣᠭᠤᠮᠲᠠ ᠶᠢᠨ ᠵᠢᠵᠢᠭᠦᠷᠯᠡᠬᠦ ᠣᠷᠣᠨ ᠤ ᠳᠣᠲᠣᠷᠠᠬᠢ ᠳᠣᠣᠷ ᠰᠡᠷᠡᠯᠵᠢ ᠪᠠ ᠤᠯᠤᠰ ᠤᠨ ᠡᠬᠦᠳᠡ ᠪᠠᠷ ᠵᠣᠷᠴᠢᠬᠤ ᠭᠠᠯᠲᠤ ᠲᠡᠷᠭᠡ ᠤᠯᠠᠨ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠡᠷᠢᠶᠡᠨ ᠬᠤᠳᠠ ᠶᠢᠨ ᠬᠢᠯᠢ ᠪᠠᠷ ᠨᠡᠪᠳᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠦᠷᠳᠡᠭᠡ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ ᠨᠢ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠺᠣᠮᠫᠠᠨᠢ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠣᠯᠣᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠨᠡᠶᠢᠭᠡᠮᠯᠢᠭ ᠲᠠᠢ ᠬᠠᠮᠲᠤᠷᠠᠨ᠂ ᠴᠠᠭ ᠲᠤᠬᠠᠢ ᠳᠤᠨᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ᠂ ᠪᠣᠭᠤᠮᠲᠠ ᠶᠢᠨ ᠣᠷᠣᠨ  ᠬᠡᠪᠴᠢᠶᠡᠨ ᠤ ᠳᠣᠲᠣᠷᠠᠬᠢ ᠬᠡᠭᠡᠷ᠎ᠡ ᠶᠢᠨ ᠠᠮᠢᠲᠠᠨ ᠤ ᠣᠷᠣᠰᠢᠨ  ᠳᠣᠭᠳᠠᠨᠢᠵᠦ ᠪᠠᠶᠢᠭ᠎ᠠ ᠪᠠᠶᠢᠳᠠᠯ ᠢ ᠨᠠᠷᠢᠨ ᠨᠢᠭᠲᠠ ᠠᠩᠬᠠᠷᠬᠤ ᠶᠢᠨ ᠬᠠᠮᠲᠤ᠂ ᠪᠣᠭᠤᠮᠲᠠ ᠶᠢᠨ ᠣᠷᠣᠨ ᠬᠡᠪᠴᠢᠶᠡᠨ ᠤ ᠲᠣᠭᠤᠷᠢᠨ ᠴᠠᠭᠳᠠᠬᠤ ᠡᠷᠴᠢᠮ ᠢ ᠴᠢᠩᠭᠠᠷᠠᠭᠤᠯᠵᠤ᠂ ᠬᠡᠭᠡᠷ᠎ᠡ ᠶᠢᠨ ᠠᠮᠢᠲᠠᠨ ᠤ ᠪᠣᠭᠤᠮᠲᠠ ᠳᠤ ᠠᠮᠤᠷ ᠲᠦᠪᠰᠢᠨ ᠢᠶᠠᠷ  ᠢᠳᠡᠰᠢᠯᠡᠵᠦ᠂ ᠨᠡᠭᠦᠨ ᠰᠢᠯᠵᠢᠬᠦ ᠶᠢ ᠪᠠᠳᠣᠯᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号