ᠵᠠᠰᠠᠭ ᠤᠨ ᠣᠷᠳᠣᠨ ᠤ ᠠᠵᠢᠯ ᠤᠨ ᠢᠯᠡᠳᠬᠡᠯ | | | ——2024 ᠣᠨ ᠤ 1 ᠰᠠᠷ᠎ᠠ 17 ᠤ ᠡᠳᠦᠷ ᠡᠷᠢᠶᠡᠨ ᠬᠤᠲᠠ ᠶᠢᠨ ᠠᠷᠪᠠᠨ | ᠵᠢᠷᠭᠤᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠤᠳᠠᠭᠠᠨ ᠤ | ᠬᠤᠷᠠᠯᠳᠣᠭᠠᠨ ᠳᠡᠭᠡᠷ᠎ᠡ | | | ᠯᠤ᠋ ᠪᠣᠣ ᠳ᠋ᠦᠩ | ᠲᠥᠯᠥᠭᠡᠯᠡᠭᠴᠢᠳ ᠡ᠄ | ᠤᠳᠤ ᠪᠢ ᠡᠷᠢᠶᠡᠨ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠳᠦᠯᠦᠭᠡᠯᠡᠨ ᠶᠡᠭᠡ ᠬᠤᠷᠠᠯ ᠳᠤ ᠠᠵᠢᠯ | ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠤ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠣᠷᠠᠳᠣᠭᠠᠷᠠᠢ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠨᠡᠭᠡᠭᠡᠯᠳᠡ ᠶᠢ | ᠠᠬᠢᠭᠤᠯᠤᠨ᠂ ᠠᠵᠤ ᠦᠢᠯᠡᠰ ᠢ ᠬᠦᠴᠦᠷᠬᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠭᠦᠷᠲᠡᠭᠡᠨ᠂ | ᠲᠣᠭᠲᠠᠭᠤᠨ ᠢ ᠪᠠᠲᠤᠯᠠᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠨ ᠰᠡᠷᠭᠦᠭᠡᠵᠤ᠂ | ᠲᠣᠭᠲᠠᠭᠤᠨ ᠢᠶᠠᠷ ᠣᠷᠣᠭᠰᠢᠯᠡᠨ ᠴᠢᠨᠠᠷ ᠢ ᠳᠡᠭᠡᠭᠰᠢᠯᠡᠭᠦᠯᠪᠡ᠃ ᠵᠢᠱᠢᠯᠲᠡ ᠪᠠᠷ ᠣᠷᠣᠨ ᠨᠣᠳᠤᠭ ᠤᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠵᠦ᠂ ᠡᠩ ᠤᠨ | ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 17% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ 40% ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ | ᠶᠡᠷᠦᠩᠬᠡᠶ ᠦᠷᠲᠡᠭ 6% ᠪᠠᠷ ᠨᠡᠮᠡᠭᠳᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠲᠣᠰ ᠲᠣᠰ 4.5%᠂ 6% ᠪᠠᠷ ᠨᠡᠮᠡᠭᠳᠡᠪᠡ᠃ ᠲᠦᠷᠦᠭᠦᠤ ᠭᠤᠷᠪᠠᠨ ᠤᠯᠠᠷᠢᠯ ᠳᠤ | ᠪᠥᠬᠦ ᠣᠷᠣᠨ ᠤ 24 ᠶᠡᠷᠦᠩᠬᠡᠶᠢᠯᠡᠭᠰᠡᠨ ᠰᠢᠶᠠᠨ ᠤ ᠬᠡᠪᠴᠢᠶᠡᠨ ᠤ ᠲᠥᠷᠥᠯ ᠤᠨ ᠭᠠᠵᠠᠷ ᠣᠷᠣᠨ ᠤ ᠰᠢᠯᠭᠠᠨ | ᠬᠢᠨᠠᠯᠲᠠ ᠳᠤ ᠨᠡᠷᠡᠰ ᠤᠨ ᠵᠢᠭᠰᠠᠭᠠᠯᠲᠠ ᠶᠢ 24 ᠳ᠋ᠦ᠋ᠭᠡᠷ ᠪᠠᠶᠢᠭᠰᠠᠨ ᠠᠴᠠ ᠳᠡᠭᠡᠭᠰᠢᠯᠡᠭᠦᠯᠦᠭᠡᠳ 9 ᠳ᠋ᠦ᠋ᠭᠡᠷ ᠲᠤ | ᠬᠦᠷᠭᠡᠪᠡ᠃ ᠪᠦᠬᠦ ᠵᠢᠯ ᠳᠤ ᠪᠦᠬᠦ ᠠᠶᠢᠮᠠᠭ ᠤᠨ ᠨᠡᠷᠡᠰ ᠤᠨ ᠵᠢᠭᠰᠠᠭᠠᠯᠲᠠ ᠳᠤ ᠲᠤᠭᠲᠠᠭᠤᠨ ᠢᠶᠠᠷ ᠡᠮᠦᠨ᠎ᠡ | ᠡᠩᠨᠡᠭᠡᠨ ᠳᠤ ᠵᠢᠭᠰᠠᠭᠠᠭᠳᠠᠪᠠ᠃ | —— ᠲᠥᠷᠥᠯ ᠵᠦᠢᠯ ᠤᠨ ᠪᠡᠯᠡ ᠤᠷᠤᠭᠤᠯᠤᠯᠳᠠ ᠶᠢ ᠦᠷᠭᠡᠳᠭᠡᠬᠦ ᠶᠢ ᠠᠳᠬᠤᠨ᠂ ᠠᠵᠤ ᠠᠬᠤᠢ ᠶᠢᠨ | ᠬᠦᠭᠵᠢᠯᠳᠡ ᠳᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠪᠡ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠭᠡᠪᠡ᠃ ︽ᠲᠥᠷᠥᠯ ᠵᠦᠢᠯ ᠤᠨ ᠪᠣᠭᠤᠮᠲᠠ ᠰᠢᠪᠲᠤᠯᠬᠤ ᠣᠨ︾ ᠤ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠵᠦ᠂ ᠪᠥᠬᠦ ᠦᠶᠡᠯᠡᠯ ᠤᠨ ᠬᠤᠭᠤᠴᠠᠭᠠᠨ ᠤ ᠵᠣᠬᠢᠴᠠᠭᠤᠯᠣᠯᠳᠠ᠂ ᠪᠥᠬᠦ ᠶᠠᠪᠤᠴᠠ ᠶᠢᠨ ᠮᠥᠷᠳᠡᠯᠲᠡ᠂ | ᠪᠥᠬᠦ ᠬᠡᠯᠬᠢᠶᠡᠨ ᠤ ᠦᠢᠯᠡᠴᠢᠯᠡᠭᠡ ᠶᠢ ᠴᠢᠩᠭᠠᠳᠬᠠᠵᠤ᠂ ᠠᠶᠢᠮᠠᠭ ᠤᠨ ᠲᠠᠰ ᠤᠨ 11 ᠭᠤᠤᠯᠳᠠᠯᠭ᠎ᠠ ᠲᠠᠢ ᠲᠥᠷᠥᠯ | ᠵᠦᠢᠯ ᠢ ᠪᠥᠬᠦ ᠠᠶᠢᠮᠠᠭ ᠲᠤ ᠬᠠᠮᠤᠭ ᠤᠨ ᠲᠡᠷᠢᠭᠦᠨ ᠳᠤ ᠭᠠᠷᠳᠠᠮ ᠭᠦᠢᠴᠡᠳᠭᠡᠬᠦ ︽ᠪᠦᠬᠦᠨ ᠢ ᠳᠠᠭᠤᠰᠬᠠᠬᠤ | ᠪᠣᠭᠤᠮᠲᠠ ᠰᠢᠪᠲᠤᠯᠤᠯᠳᠡ︾ ᠶᠢ ᠪᠡᠶᠡᠯᠡᠭᠦᠯᠵᠦ᠂ 93 ᠵᠦᠢᠯ ᠤᠨ ᠬᠤᠲᠠ ᠶᠢᠨ ᠲᠠᠰ ᠤᠨ ᠭᠤᠤᠯᠳᠠᠯᠭ᠎ᠠ ᠲᠠᠢ | ᠲᠥᠷᠥᠯ ᠵᠦᠢᠯ ᠳᠤ 21 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠬᠢᠵᠣ᠂ ᠨᠡᠮᠡᠭᠳᠡᠯ ᠤᠨ | ᠬᠤᠷᠳᠤᠴᠠ ᠨᠢ ᠪᠥᠬᠦ ᠠᠶᠢᠮᠠᠭ ᠲᠤ ᠭᠤᠷᠪᠠᠳᠤᠭᠠᠷ ᠲᠤ ᠣᠷᠣᠪᠠ᠃ ᠬᠤᠳᠠᠯᠳᠤᠭᠠᠴᠢᠨ ᠤᠷᠢᠵᠤ ᠪᠡᠯᠡ | ᠣᠷᠣᠭᠤᠯᠤᠭᠰᠠᠨ ᠦᠷ᠎ᠡ ᠪᠦᠲᠦᠭᠡᠯ ᠡᠯᠪᠡᠭ ᠪᠣᠯᠪᠠ᠃ ︽ᠭᠠᠳᠠᠭᠰᠢ ᠭᠠᠷᠴᠤ᠂ ᠤᠷᠢᠵᠤ ᠠᠪᠴᠢᠷᠠᠬᠤ︾ ᠠᠵᠢᠯ ᠢ | 300 ᠰᠢᠬᠠᠮ ᠤᠳᠠᠭ᠎ᠠ ᠥᠷᠨᠢᠭᠦᠯᠵᠦ᠂ ᠰᠢᠨ᠎ᠡ ᠪᠠᠷ 30 ᠲᠥᠷᠥᠯ ᠵᠦᠢᠯ ᠢ ᠭᠡᠷ᠎ᠡ ᠳᠣᠭᠳᠠᠨ ᠪᠣᠳᠠᠳᠠᠶᠢᠵᠢᠭᠤᠯᠵᠣ᠂ | ᠤᠯᠤᠰ ᠤᠨ ᠳᠣᠲᠣᠭᠠᠳᠤ ᠶᠢᠨ ᠪᠠᠯᠠ ᠮᠥᠩᠭᠦ ᠶᠢ 7.66 ᠳ᠋ᠦᠩᠰᠢᠭᠤᠷ ᠲᠥᠭᠦᠷᠢᠭ᠂ ᠭᠠᠳᠠᠭᠠᠳᠣ ᠪᠡᠯᠡ ᠮᠦᠩᠭᠦ ᠶᠢ | 0.21 ᠳ᠋ᠦᠩᠰᠢᠭᠤᠷ ᠲᠦᠭᠦᠷᠢᠭ ᠢ ᠣᠷᠣᠭᠤᠯᠤᠨ ᠠᠪᠴᠢᠷᠠᠵᠤ᠂ ᠳᠡᠭᠡᠳᠦ ᠱᠠᠲᠤᠨ ᠤ ᠰᠢᠯᠭᠠᠨ ᠬᠢᠨᠠᠬᠤ ᠡᠭᠦᠷᠭᠡ ᠶᠢ | ᠳᠠᠪᠠᠭᠤᠯᠤᠨ ᠪᠡᠶᠡᠯᠡᠭᠦᠯᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ | ᠡᠵᠡᠩᠨᠡᠯᠳᠡ ᠶᠢᠨ ᠵᠦᠪᠰᠢᠶᠡᠷᠡᠯ ᠣᠯᠭᠤᠬᠤ ᠶᠢ ᠵᠡᠷᠭᠡᠪᠡᠷ ᠶᠠᠪᠣᠭᠳᠠᠭᠤᠯᠬᠤ᠂ ︽ᠭᠡᠷ ᠪᠠᠶᠢᠰᠢᠩ ᠢ ᠳᠣᠰᠢᠶᠠᠬᠤ ᠲᠠᠢ | ᠵᠡᠷᠭᠡᠪᠡᠷ ᠦᠮᠴᠢᠯᠡᠯ ᠤᠨ ᠡᠷᠬᠡ ᠶᠢᠨ ᠭᠡᠷᠡᠴᠢ ᠪᠢᠴᠢᠭ ᠢ ᠳᠣᠰᠢᠶᠠᠬᠤ︾ ︽ᠭᠠᠵᠠᠷ ᠢ ᠳᠣᠰᠢᠶᠠᠬᠤ ᠲᠠᠢ ᠵᠡᠷᠭᠡᠪᠡᠷ | ᠦᠮᠴᠢᠯᠡᠯ ᠤᠨ ᠡᠷᠬᠡ ᠶᠢᠨ ᠬᠡᠷᠡᠴᠢ ᠪᠢᠴᠢᠭ ᠢ ᠲᠤᠰᠢᠶᠠᠬᠤ︾ ᠵᠡᠷᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ | ᠳᠡᠯᠭᠡᠷᠡᠭᠦᠯᠦᠨ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ | ᠵᠢᠭᠰᠠᠭᠠᠭᠳᠠᠵᠤ᠂ ᠰᠢᠨ᠎ᠡ ᠪᠠᠷ ᠳᠠᠩᠰᠠᠯᠠᠭᠤᠯᠤᠭᠰᠠᠨ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠲᠣᠰ ᠲᠣᠰ 75.3%᠂ 114.8% ᠪᠠᠷ ᠨᠡᠮᠡᠭᠳᠡᠪᠡ᠃ 2.83 ᠳ᠋ᠦᠩᠰᠢᠭᠤᠷ | ᠲᠥᠭᠦᠷᠢᠭ ᠤᠨ ᠭᠠᠶᠢᠯᠢ ᠳᠠᠳᠠᠪᠣᠷᠢ ᠶᠢ ᠬᠠᠰᠤᠵᠤ ᠬᠡᠯᠲᠦᠷᠢᠭᠦᠯᠪᠡ᠂ ᠡᠭᠦᠨ ᠳᠤ ᠰᠢᠨ᠎ᠡ ᠪᠠᠷ ᠨᠡᠮᠡᠭᠳᠡᠭᠰᠡᠨ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠬᠡᠮᠵᠢᠶ᠎ᠡ 0.73 ᠳ᠋ᠦᠩᠰᠢᠭᠤᠷ ᠲᠥᠭᠦᠷᠢᠭ ᠲᠤ ᠬᠦᠷᠴᠡᠶ᠃ ︽ | ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠤᠯᠠ ᠳᠠᠯᠪᠢᠭᠳᠠᠵᠣ | ᠪᠠᠶᠢᠭ᠎ᠠ ᠭᠠᠵᠠᠷ ᠰᠢᠷᠣᠶ ᠶᠢ 106.86 ᠾᠧᠺᠲ᠋ᠠᠷ ᠰᠢᠢᠳᠪᠦᠷᠢᠯᠡᠪᠡ᠃ ᠵᠠᠰᠠᠮᠠᠯ ᠵᠠᠮ ᠤᠨ ᠪᠣᠭᠤᠮᠲᠠ ᠶᠢᠨ | ᠪᠠᠷᠠᠭᠠᠨ ᠤ ᠲᠡᠭᠡᠭᠡᠪᠦᠷᠢ ᠳᠤ 24 ᠴᠠᠭ ᠤᠨ ᠪᠣᠭᠤᠮᠲᠠ ᠪᠠᠷ ᠥᠩᠭᠡᠷᠡᠬᠦ ᠶᠢ ᠲᠣᠷᠰᠢᠨ ᠬᠡᠷᠡᠭᠵᠢᠭᠦᠯᠵᠦ᠂ ᠳᠤᠮᠳᠠᠳᠤ | ᠮᠣᠩᠭᠤᠯ ᠤᠨ 8 ᠰᠠᠭᠤᠳᠠᠯ ᠠᠴᠠ ᠳᠣᠷᠣᠭᠰᠢᠬᠢ ᠲᠡᠭᠡᠭᠡᠪᠦᠷᠢ ᠶᠢᠨ ᠪᠤᠰᠤ ᠲᠡᠷᠭᠡ ᠬᠥᠰᠬᠡ ᠶᠢᠨ ᠬᠠᠷᠢᠯᠴᠠᠨ | ᠨᠡᠪᠲᠡᠷᠡᠯᠴᠡᠬᠦ ᠶᠢ ᠪᠡᠶᠡᠯᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ | ᠯᠠᠪᠳᠠᠭᠤᠨ ᠢᠶᠠᠷ ᠠᠬᠢᠵᠤ᠂ ᠬᠤᠲᠠ ᠶᠢᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ | ᠲᠣᠭᠲᠠᠭᠤᠨ ᠢᠶᠠᠷ ᠪᠤᠵᠠᠭᠠᠶᠢᠷᠠᠵᠤ᠂ ᠠᠰᠢᠭ ᠤᠷᠤᠯᠭ᠎ᠠ ᠶᠢᠨ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠡᠲᠡᠭᠡᠷ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠣ᠂ | ᠠᠵᠤ ᠠᠬᠤᠶ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠤᠨ᠂ ᠬᠥᠭᠵᠢᠯᠲᠡ ᠶᠢᠨ ᠭᠤᠤᠯ ᠬᠥᠳᠡᠯᠭᠡᠭᠦᠷ ᠢ | ᠬᠥᠭᠵᠢᠭᠡᠵᠦ᠂ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠳᠤᠮᠳᠠ ᠰᠠᠶᠢᠵᠢᠷᠠᠬᠤ᠂ ᠰᠠᠶᠢᠵᠢᠷᠠᠬᠤ | ᠳᠤᠮᠳᠠ ᠶᠠᠰᠤ ᠴᠢᠨᠠᠷ ᠢ ᠳᠡᠭᠡᠭᠰᠢᠯᠡᠭᠦᠯᠬᠦ ᠶᠢ ᠪᠡᠶᠡᠯᠡᠭᠦᠯᠪᠡ᠃ | —— ᠰᠠᠭᠤᠷᠢ ᠶᠢ ᠠᠳᠬᠤᠨ ᠳᠠᠪᠴᠠᠩ ᠢ ᠬᠦᠴᠦᠷᠬᠡᠭᠵᠢᠭᠦᠯᠵᠣ᠂ ᠭᠠᠳᠠᠭᠠᠳᠤ ᠨᠡᠭᠡᠭᠡᠯᠲᠡ ᠰᠢᠨ᠎ᠡ ᠱᠠᠲᠤᠨ | ᠳᠤ ᠠᠬᠢᠪᠠ᠃ ᠰᠠᠭᠤᠷᠢ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠪᠠ᠃ ᠤᠯᠤᠰ ᠤᠨ ᠣᠶᠤᠨᠲᠤ ᠪᠣᠭᠤᠮᠲᠠ ᠶᠢᠨ | ᠪᠦᠲᠦᠭᠡᠨ ᠪᠠᠢᠭᠤᠯᠤᠯᠲᠠ ᠶᠢᠨ ᠲᠤᠷᠰᠢᠯᠳᠡ ᠶᠢᠨ ᠴᠡᠭ ᠤᠨ ᠵᠦᠪᠰᠢᠶᠡᠷᠡᠯ ᠤᠯᠵᠤ᠂ ᠤᠶᠤᠨᠲᠤ ᠪᠣᠭᠤᠮᠲᠠ ᠶᠢᠨ | ᠶᠡᠷᠦᠩᠬᠡᠢᠯᠡᠭᠰᠡᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠠᠰᠢᠭᠯᠠᠯᠳᠠ ᠳᠤ ᠣᠷᠣᠭᠤᠯᠪᠠ᠃ ᠡᠷᠢᠶᠡᠨ— | ᠭᠤᠸᠠᠩᠵᠸᠦ ᠴᠢᠭᠯᠡᠯ ᠤᠨ ᠲᠦᠷᠭᠡᠨ ᠬᠤᠷᠳᠣᠴᠠᠲᠤ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠳᠠᠯ᠎ᠠ ᠬᠦᠷᠬᠦ | ᠬᠡᠰᠡᠭ ᠤᠨ ᠵᠠᠰᠠᠮᠠᠯ ᠵᠠᠮ ᠤᠨ ᠪᠥᠬᠦ ᠱᠤᠭᠤᠮ ᠲᠡᠷᠭᠡ ᠨᠡᠪᠲᠡᠷᠡᠵᠦ᠂ ᠠᠭᠠᠷ ᠤᠨ ᠠᠶᠠᠯᠠᠯ ᠤᠨ ᠪᠣᠭᠤᠮᠲᠠ ᠶᠢᠨ | ᠰᠢᠯᠭᠠᠨ ᠲᠤᠰᠢᠶᠠᠬᠤ ᠶᠠᠪᠤᠴᠠ᠂ ᠢ ᠲᠦᠸᠧ ᠹᠦ᠋ ᠶᠤᠸᠠᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ | ᠲᠣᠭᠤᠷᠢᠭ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ᠮᠣᠩᠭᠤᠯ ᠤᠨ ᠲᠠᠯ᠎ᠠ ᠶᠢ ᠵᠣᠬᠢᠴᠠᠭᠤᠯᠵᠤ᠂ | ᠵᠠᠮ ᠤᠨ ᠡᠭᠦᠳᠡ— ᠡᠷᠢᠶᠡᠨ ᠬᠤᠲᠠ ᠶᠢᠨ ᠪᠠᠷᠢᠮᠵᠢᠶᠠᠲᠤ ᠲᠡᠮᠦᠷ ᠵᠠᠮ ᠤᠨ ᠬᠠᠷᠢᠯᠴᠠᠬᠤ ᠱᠤᠭᠤᠮ ᠢ ᠪᠠᠶᠢᠭᠤᠯᠪᠠ᠃ | ᠬᠢᠯᠢ ᠪᠠᠷ ᠦᠩᠭᠡᠷᠡᠭᠰᠡᠨ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ 3294 ᠴᠤᠪᠤᠭ᠎ᠠ ᠪᠠᠶᠢᠵᠣ᠂ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃ ᠨᠡᠭᠡᠭᠡᠯᠲᠡᠲᠦ ᠲᠠᠪᠴᠠᠩ ᠤᠨ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠪᠡ᠃ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ | ᠲᠤᠷᠰᠢᠯᠲᠠ ᠶᠢᠨ ᠳᠣᠭᠤᠷᠢᠭ ᠢ ᠡᠷᠡᠮᠡᠯᠵᠢᠯᠡᠨ ᠪᠠᠶᠢᠭᠤᠯᠬᠤ ᠠᠵᠢᠯ ᠳᠤ ᠢᠳᠡᠪᠬᠢᠲᠡᠶ ᠤᠷᠤᠯᠴᠠᠪᠠ᠃ ᠤᠯᠤᠰ ᠤᠨ | ᠭᠤᠣᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠲᠤᠷᠰᠢᠯᠲᠠ ᠶᠢᠨ ᠳᠣᠭᠤᠷᠢᠭ ᠤᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ 3 ᠵᠢᠯ ᠣᠷᠳᠣᠳᠬᠠᠪᠠ᠃ ᠳᠤᠮᠳᠠᠳᠤ ᠮᠣᠩᠭᠤᠯ ᠤᠨ ᠠᠵᠤ ᠠᠬᠤᠶ ᠶᠢᠨ | ᠬᠠᠮᠲᠤᠷᠠᠯᠴᠠᠭᠠᠨ ᠤ ᠳᠣᠭᠤᠷᠢᠭ ᠢ ᠪᠠᠶᠢᠭᠤᠯᠬᠤ ᠭᠤᠶᠣᠴᠢᠯᠠᠯ ᠳᠡᠭᠡᠷ᠎ᠡ ᠤᠯᠤᠰ ᠤᠨ ᠶᠠᠮᠤᠨ ᠵᠥᠪᠯᠡᠯ ᠤᠨ ᠭᠠᠷ ᠤᠨ | ᠥᠰᠥᠭ ᠵᠢᠷᠤᠬᠤ ᠶᠢ ᠪᠡᠶᠡᠯᠡᠭᠦᠯᠵᠦ᠂ 9.03 ᠲᠡᠭᠰᠢ ᠳᠥᠷᠪᠡᠯᠵᠢᠨ ᠺᠢᠯᠣᠮᠧᠲᠷ ᠤᠨ ᠭᠠᠵᠠᠷ ᠰᠢᠷᠣᠶ ᠶᠢ ᠬᠤᠲᠠ | ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠱᠤᠭᠤᠮ ᠳᠤ ᠣᠷᠣᠭᠤᠯᠤᠨ᠂ ᠶᠡᠷᠦᠩᠬᠡᠶᠢᠯᠡᠭᠰᠡᠨ ᠪᠠᠶᠢᠴᠠᠭᠠᠨ ᠰᠢᠯᠭᠠᠬᠤ | ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢᠨ ᠠᠵᠢᠯ ᠢ ᠳᠠᠭᠤᠰᠬᠠᠵᠤ᠂ ᠵᠠᠰᠠᠮᠠᠯ ᠵᠠᠮ ᠲᠡᠮᠦᠷ ᠵᠠᠮ ᠤᠨ ᠣᠯᠠᠨ | ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠥᠷᠥᠯ ᠵᠦᠢᠯ ᠤᠨ ᠬᠠᠮᠳᠣᠷᠠᠨ ᠠᠵᠢᠯᠯᠠᠬᠤ ᠬᠡᠯᠡᠯᠴᠡᠭᠡᠷ | ᠲᠣᠭᠲᠠᠪᠠ᠃ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ ᠤᠨ B ᠲᠣᠭᠤᠷᠢᠭ ᠤᠨ ᠭᠤᠤᠯ | ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠬᠠᠷᠢᠯᠴᠠᠨ ᠠᠷᠠᠯᠵᠢᠶᠠᠯᠠᠬᠤ ᠭᠠᠳᠠᠭᠠᠳᠤ ᠠᠴᠠ ᠣᠷᠣᠭᠤᠯᠬᠤ ᠲᠠᠸᠠᠷ ᠢ | ᠤᠯᠤᠰ ᠤᠨ ᠢᠯᠭᠠᠯ᠂ ᠲᠥᠷᠥᠯ ᠵᠦᠢᠯ᠂ ᠪᠣᠳᠠᠲᠠᠶᠢᠵᠢᠭᠤᠯᠤᠨ ᠡᠳ᠋ᠰᠢᠭᠦᠯᠬᠦ ᠳᠤ ᠠᠷᠭ᠎ᠠ ᠬᠡᠮᠵᠢᠶ᠎ᠡ ᠰᠦᠪᠡᠭᠴᠢᠯᠡᠨ᠂ | ᠮᠣᠩᠭᠤᠯ ᠣᠷᠣᠰ᠂ ᠪᠧᠯᠣᠷᠦ᠋ᠰ ᠤᠨ ᠣᠨᠴᠠᠯᠢᠭᠲᠤ ᠲᠠᠸᠠᠷ ᠢ ᠪᠣᠳᠠᠲᠠᠶᠢᠵᠢᠭᠤᠯᠤᠨ ᠡᠳ᠋ᠰᠢᠭᠦᠯᠬᠦ ᠦᠢᠯᠡᠳᠬᠦᠨ ᠤ | ᠥᠷᠲᠡᠭ ᠨᠢ 3 ᠳ᠋ᠦᠩᠰᠢᠭᠤᠷ ᠲᠥᠭᠦᠷᠢᠭ ᠢ ᠳᠠᠪᠠᠪᠠ᠃ ᠬᠢᠯᠢ ᠶᠢᠨ ᠠᠵᠤ ᠠᠬᠤᠢ ᠶᠢᠨ ᠬᠠᠮᠳᠣᠷᠠᠯᠴᠠᠭᠠᠨ ᠤ | ᠲᠤᠭᠤᠷᠢᠭ ᠤᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠰ ᠪᠤᠰᠬᠠᠬᠤ ᠬᠦᠷᠢᠶᠡᠯᠡᠩ᠂ ᠭᠠᠶᠢᠯᠢ ᠶᠢᠨ | ᠪᠠᠳᠣᠯᠠᠭᠠᠳᠣ ᠬᠦᠮᠦᠷᠭᠡ ᠶᠢ ᠪᠠᠶᠢᠭᠤᠯᠪᠠ᠃ ᠭᠠᠳᠠᠭᠠᠳᠤ ᠬᠠᠷᠢᠯᠴᠠᠭ᠎ᠠ ᠡᠳᠦᠷ ᠢᠷᠡᠬᠦᠶ᠎ᠡ ᠨᠢᠭᠳᠠᠷᠠᠪᠠ᠃ 2023 | ᠳᠤᠮᠳᠠᠳᠤ ᠤᠯᠤᠰ ︵ᠡᠷᠢᠶᠡᠨ ᠬᠤᠲᠠ︶ ᠤᠨ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠪᠠᠯᠠ | ᠣᠷᠣᠭᠤᠯᠤᠯᠲᠠ ᠶᠢᠨ ᠴᠢᠭᠤᠯᠭ᠎ᠠ ᠠᠭᠤᠯᠵᠠᠯᠳᠠ ᠶᠢ ᠰᠡᠷᠭᠦᠭᠡᠨ ᠡᠷᠭᠢᠯᠡᠵᠦ᠂ ᠬᠤᠷᠠᠯ ᠦᠵᠡᠰᠭᠦᠯᠡᠩ ᠤᠨ ᠬᠡᠪᠴᠢᠶ᠎ᠡ᠂ | ᠲᠥᠷᠥᠯ ᠵᠦᠢᠯ ᠤᠨ ᠭᠡᠷ᠎ᠡ ᠲᠤᠭᠲᠠᠯᠲᠠ ᠰᠢᠨ᠎ᠡ ᠶᠢ ᠡᠭᠦᠳᠪᠡ᠃ ᠭᠠᠳᠠᠭᠠᠳᠤ ᠺᠠᠷᠲ ᠤᠨ ᠬᠢᠯᠢ ᠳᠣᠲᠣᠷᠠᠬᠢ ᠪᠠᠭ᠎ᠠ | ᠦᠷᠳᠡᠭ ᠤᠨ ᠰᠢᠯᠵᠢᠮᠡᠯ ᠲᠣᠭᠠᠴᠠᠭ᠎ᠠ ᠬᠢᠬᠦ ᠶᠢ ᠵᠠᠯᠭᠠᠭ᠎ᠠ ᠪᠠᠷ ᠬᠡᠷᠡᠭᠵᠢᠭᠦᠯᠵᠦ᠂ ᠪᠥᠬᠦ ᠤᠯᠤᠰ ᠤᠨ ᠠᠩᠬᠠᠳᠠᠭᠴᠢ | ᠬᠡᠪᠴᠢᠶᠡᠵᠢᠭᠦᠯᠦᠨ ᠳᠡᠯᠭᠡᠷᠡᠭᠦᠯᠦᠭᠰᠡᠨ ᠪᠣᠭᠤᠮᠲᠠ ᠬᠤᠲᠠ ᠪᠣᠯᠪᠠ᠃ ︽ᠭᠠᠳᠠᠭᠠᠳᠤ ᠤᠯᠤᠰ ᠤᠨ ᠬᠠᠷᠢᠶ᠎ᠠ ᠲᠠᠢ | ᠰᠤᠷᠤᠭᠴᠢ ᠶᠢᠨ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠨᠥᠬᠦᠪᠦᠷᠢ ᠶᠢ ᠬᠡᠷᠡᠭᠵᠢᠭᠦᠯᠬᠦ | ᠠᠷᠭ᠎ᠠ︾ ᠳᠤ ᠵᠠᠰᠠᠪᠤᠷᠢ ᠣᠷᠣᠭᠤᠯᠵᠤ᠂ 320 ᠨᠡᠷ᠎ᠡ ᠭᠠᠳᠠᠭᠠᠳᠤ ᠶᠢᠨ ᠰᠤᠷᠤᠭᠴᠢ ᠶᠢ ᠡᠯᠰᠡᠪᠡ᠃ ᠮᠣᠩᠭᠤᠯ | ᠤᠯᠤᠰ ᠯᠤᠭ᠎ᠠ ᠴᠠᠭᠳᠠᠭᠠᠨ ᠤ ᠶᠠᠪᠤᠳᠠᠯ ᠤᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠪᠥᠬᠦ ᠣᠷᠣᠨ ᠤ ᠠᠩᠬᠠᠳᠠᠭᠴᠢ ︽ᠪᠣᠭᠤᠮᠲᠠ ᠶᠢᠨ ᠶᠡᠷᠦᠩᠬᠡᠶᠢᠯᠡᠭᠰᠡᠨ ᠠᠵᠢᠯ ᠤᠨ ᠥᠷᠲᠡᠭᠡ︾᠂ ︽ᠳᠤᠮᠳᠠᠳᠤ | ᠮᠣᠩᠭᠤᠯ ᠤᠨ ᠬᠢᠯᠢ ᠶᠢᠨ ᠰᠦᠷᠳᠡᠭᠦᠯᠦᠯ ᠢ ᠡᠰᠡᠷᠭᠦᠴᠡᠬᠦ ᠬᠤᠯᠪᠣᠭ᠎ᠠ ᠠᠪᠬᠤ ᠥᠷᠲᠡᠭᠡ ᠶᠢᠨ ᠬᠤᠯᠪᠣᠭ᠎ᠠ ᠠᠪᠬᠤ | ᠠᠯᠪᠠᠨ ᠬᠡᠷ︾ ᠢ ᠠᠵᠢᠯᠯᠠᠭᠤᠯᠪᠠ᠃ ᠡᠲᠡᠭᠡᠷ ᠨᠡᠭᠡᠭᠡᠯᠳᠡᠳᠡᠢ ᠬᠠᠮᠲᠤᠷᠠᠯᠴᠠᠭ᠎ᠠ᠂ ᠪᠣᠭᠤᠮᠲᠠ ᠶᠢᠨ ᠪᠥᠲᠥᠭᠡᠨ | ᠪᠠᠶᠢᠭᠤᠯᠤᠯᠲᠠ ᠶᠢᠨ ︽ᠰᠢᠨ᠎ᠡ ᠬᠢᠯᠠᠰ ᠴᠡᠭ︾ ᠨᠢ ᠮᠣᠩᠭᠤᠯ ᠤᠯᠤᠰ ᠲᠤ ᠨᠡᠭᠡᠭᠡᠯᠳᠡᠳᠡᠢ ᠶᠡᠷᠦᠩᠬᠡᠶᠢᠯᠡᠭᠰᠡᠨ | ᠵᠠᠩᠭᠢᠯᠠᠭ᠎ᠠ ᠶᠢᠨ ᠪᠣᠭᠤᠮᠲᠠ ᠶᠢᠨ ᠰᠠᠨᠠᠭᠠᠴᠢᠯᠭᠠᠲᠤ ᠠᠵᠢᠯᠯᠠᠭ᠎ᠠ ᠶᠢ ᠳᠣᠳᠣᠷᠠᠭᠤᠯᠵᠣ᠂ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠭᠠᠵᠠᠷ ᠣᠷᠣᠨ ᠤ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ | ᠥᠷᠭᠡᠳᠬᠡᠵᠦ᠂ ᠤᠯᠤᠰ ᠤᠨ ᠣᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠲᠡ ᠶᠢ ᠪᠥᠲᠥᠭᠡᠨ ᠪᠠᠶᠢᠭᠤᠯᠬᠤ | ᠬᠠᠷᠢᠭᠤᠴᠠᠯᠭᠠᠲᠤ ᠡᠭᠦᠷᠭᠡᠯᠡᠯ ᠢ ᠢᠯᠡᠷᠡᠭᠦᠯᠪᠡ᠃ | —— ᠳᠠᠪᠠᠭᠤᠯᠢᠭ ᠲᠠᠯ᠎ᠠ ᠶᠢ ᠠᠳᠬᠤᠵᠤ ᠳᠠᠯᠳᠠ ᠬᠦᠴᠦᠨ ᠢ ᠠᠭᠤᠳᠠᠯᠯᠠᠵᠣ᠂ ᠣᠨᠴᠠᠯᠢᠭᠲᠤ ᠠᠵᠤ ᠦᠢᠯᠡᠰ | ᠰᠢᠨ᠎ᠡ ᠦᠷ᠎ᠡ ᠪᠦᠲᠦᠮᠵᠢ ᠣᠯᠪᠠ᠃ ᠣᠯᠠᠨ ᠤᠯᠤᠰ ᠤᠨ ᠠᠷᠠᠯᠵᠢᠶ᠎ᠠ ᠪᠠᠷᠠᠭᠠᠨ ᠤ ᠭᠦᠢᠯᠭᠡᠭᠡᠨ ᠤ ᠦᠢᠯᠡᠰ ᠰᠢᠨ᠎ᠡ | ᠲᠡᠮᠳᠡᠭᠯᠡᠯ ᠢ ᠡᠭᠦᠳᠪᠡ᠃ ᠪᠥᠬᠦ ᠤᠯᠤᠰ ᠤᠨ ᠵᠠᠭᠪᠤᠷᠴᠢᠯᠠᠭᠰᠠᠨ ᠣᠯᠠᠨ ᠴᠢᠷᠦᠬᠦᠯ ᠲᠠᠢ ᠮᠠᠰᠢᠨ ᠲᠡᠷᠭᠡᠨ ᠤ ᠵᠢᠱᠢᠶ᠎ᠡ | ᠦᠵᠡᠭᠦᠯᠦᠨ ᠬᠡᠷᠡᠭᠯᠡᠬᠦ᠂ ᠪᠥᠬᠦ ᠣᠷᠣᠨ ᠤ ᠰᠦᠯᠵᠢᠶᠡᠨ ᠳᠡᠭᠡᠷ᠎ᠡ ᠪᠠᠷᠠᠭ᠎ᠠ ᠲᠡᠭᠡᠭᠡᠪᠦᠷᠢᠯᠡᠬᠦ ᠠᠵᠤ ᠦᠢᠯᠡᠰ ᠤᠨ | ᠲᠤᠷᠰᠢᠯᠲᠠ ᠶᠢᠨ ᠬᠤᠲᠠ ᠶᠢᠨ ᠡᠩᠨᠡᠭᠡᠨ ᠳᠤ ᠪᠦᠲᠦᠮᠵᠢᠲᠡᠢ ᠵᠢᠬᠰᠠᠭᠠᠭᠳᠠᠪᠠ᠃ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠬᠢᠯᠢ ᠶᠢᠨ ᠬᠥᠮᠥᠷᠭᠡ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ | ᠤᠯᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ | ᠲᠤᠭᠤᠷᠢᠭ ᠤᠨ ᠮᠡᠳᠡᠭᠦᠯᠦᠯᠳᠡ ᠶᠢ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ᠂ ᠵᠦᠪᠰᠢᠶᠡᠷᠡᠯ ᠣᠯᠭᠤᠬᠤ | ᠶᠢ ᠬᠦᠯᠢᠶᠡᠵᠤ ᠪᠤᠢ᠃ ᠭᠠᠳᠠᠭᠠᠳᠤ ᠠᠴᠠ ᠣᠷᠣᠭᠤᠯᠵᠤ ᠭᠠᠳᠠᠭᠠᠳᠣ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢ | ᠤᠷᠮᠠᠰᠢᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠠᠩᠬᠠᠳᠠᠭᠴᠢ ᠳᠤᠮᠳᠠᠳᠤ | ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠵᠠᠰᠠᠮᠠᠯ ᠵᠠᠮ ᠲᠡᠮᠦᠷ ᠵᠠᠮ ᠤᠨ ᠬᠤᠯᠪᠣᠭᠠᠯᠠᠨ ᠲᠡᠭᠡᠭᠡᠪᠦᠷᠢᠯᠡᠬᠦ | TIR ᠪᠠᠷᠠᠭ᠎ᠠ ᠶᠢ ᠵᠥᠭᠡᠭᠡᠪᠦᠷᠢᠯᠡᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠣ ᠳᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ᠂ ᠠᠷᠠᠯᠵᠢᠶᠠᠨ ᠤ ᠦᠷᠲᠡᠭ ᠲᠣᠰ ᠲᠣᠰ 1924.8 ᠲᠦᠮᠡᠨ ᠲᠣᠨ᠂ 423.1 | ᠳ᠋ᠦᠩᠰᠢᠭᠤᠷ ᠲᠦᠭᠦᠷᠢᠭ ᠲᠤ ᠬᠦᠷᠴᠦ᠂ 35.7%᠂ 59.9 % ᠢᠶᠠᠷ ᠨᠡᠮᠡᠭᠳᠡᠵᠦ᠂ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ ᠭᠠᠳᠠᠭᠠᠳᠣ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠪᠤᠯᠪᠠᠰᠤᠷᠠᠭᠤᠯᠬᠤ ᠦᠢᠯᠡᠰ | ᠢᠯᠡᠳᠳᠡ ᠬᠦᠴᠦᠷᠬᠡᠭᠵᠢᠪᠡ᠃ ︽ᠠᠷᠢᠬᠢ ᠮᠢᠬ᠎ᠠ ᠬᠤᠳᠣᠭᠤᠳᠣ ᠭᠡᠳᠡᠰᠣ ᠪᠠᠷ ᠳᠠᠮᠵᠢᠨ ᠦᠩᠭᠡᠷᠡᠬᠦ︾ ᠬᠦᠴᠢᠷ | ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠰᠤᠯᠠ ᠳᠠᠯᠪᠢᠭᠳᠠᠵᠣ ᠪᠠᠶᠢᠭ᠎ᠠ ᠭᠠᠵᠠᠷ ᠰᠢᠷᠣᠶ᠂ ᠤᠰᠤ | ᠬᠡᠷᠡᠭᠯᠡᠬᠦ ᠬᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠠᠮᠢᠳᠤᠯᠢᠭ ᠪᠣᠯᠭᠠᠵᠤ᠂ ᠠᠵᠤ ᠦᠢᠯᠡᠳᠪᠦᠷᠢ ᠶᠢᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ 2 ᠳᠠᠬᠢᠨ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠢ ᠰᠢᠨ᠎ᠡ ᠪᠠᠷ ᠨᠡᠮᠡᠭᠳᠡᠬᠦᠯᠬᠦ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠾᠧ ᠵᠢᠤᠢ ᠶᠤᠸᠠᠨ ᠤ 200 | ᠲᠦᠮᠡᠨ ᠲᠣᠨ ᠤ ᠬᠢᠮᠡᠯ ᠬᠡᠰᠡᠭᠲᠦ ᠠᠭᠤᠷᠬᠠᠢ ᠶᠢᠨ ᠲᠦᠷᠦᠯ ᠵᠦᠢᠯ ᠢ ᠲᠣᠰ ᠵᠢᠯ ᠳᠤ ᠪᠠᠨ ᠠᠵᠢᠯ ᠡᠬᠢᠯᠡᠭᠦᠯᠵᠦ᠂ | ᠲᠣᠰ ᠵᠢᠯ ᠳᠤ ᠪᠠᠨ ᠠᠰᠢᠭᠯᠠᠯᠲᠠ ᠳᠤ ᠤᠷᠤᠭᠤᠯᠤᠨ᠂ ᠲᠣᠰ ᠵᠢᠯ ᠳᠤ ᠪᠠᠨ ᠬᠡᠪᠴᠢᠶᠡᠵᠢᠬᠦᠯᠪᠡ᠃ ᠶᠢᠨ ᠢᠦᠢ ᠶᠢᠨ | 500 ᠲᠦᠮᠡᠨ ᠲᠣᠨ ᠲᠡᠮᠦᠷ ᠤᠨ ᠬᠦᠳᠡᠷ ᠪᠣᠯᠪᠠᠰᠤᠷᠠᠭᠤᠯᠬᠤ ᠲᠥᠷᠥᠯ ᠵᠦᠢᠯ ᠢ ᠡᠬᠢᠯᠡᠨ ᠪᠠᠶᠢᠭᠤᠯᠵᠤ᠂ ᠵᠢᠶᠦ᠋ᠨ | ᠸᠧᠢ ᠲᠡᠮᠦᠷ ᠤᠨ ᠬᠦᠳᠡᠷ᠂ ᠰᠢᠨ ᠢ ᠬᠠᠶᠢᠯᠤᠭᠤᠷ ᠵᠣᠩᠰᠢ᠂ ᠰᠢᠨ ᠢ ᠨᠣᠣᠰᠣ ᠨᠣᠯᠤᠤᠷ ᠵᠡᠷᠭᠡ ᠪᠣᠯᠪᠠᠰᠤᠷᠠᠭᠤᠯᠬᠤ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠶᠢᠩ ᠹᠧᠢ ᠳ᠋ᠢ ᠺᠧ ᠠᠮᠢᠳᠣ | ᠬᠤᠨᠢ ᠶᠢ ᠭᠠᠳᠠᠭᠠᠳᠤ ᠠᠴᠠ ᠣᠷᠣᠭᠤᠯᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠤ᠂ ᠨᠡᠶᠢᠳᠡ | ᠪᠣᠯᠪᠠᠰᠣᠷᠠᠭᠤᠯᠣᠭᠰᠠᠨ ᠬᠡᠮᠵᠢᠶ᠎ᠡ ᠨᠢ 20 ᠲᠦᠮᠡᠨ ᠲᠤᠯᠤᠭᠠᠢ ᠶᠢ ᠳᠠᠪᠠᠪᠠ᠃ ᠬᠢᠯᠢ ᠶᠢᠨ ᠰᠣᠶᠣᠯ ᠵᠢᠭᠤᠯᠴᠢᠯᠠᠯ ᠤᠨ | ᠦᠢᠯᠡᠰ ᠶᠡᠭᠡ ᠪᠠᠷ ᠰᠡᠷᠭᠦᠪᠡ᠃ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ | ᠬᠠᠮᠲᠤᠷᠠᠯᠴᠠᠭᠠᠨ ᠤ ᠣᠷᠣᠨ ᠢ ᠡᠭᠦᠳᠦᠨ ᠪᠠᠶᠢᠭᠤᠯᠬᠤ ᠲᠥᠰᠦᠯ ᠢ ᠳᠡᠭᠡᠭᠰᠢ ᠮᠡᠳᠡᠭᠦᠯᠵᠦ ᠵᠦᠪᠰᠢᠶᠡᠷᠡᠯ ᠬᠦᠯᠢᠶᠡᠵᠣ | ᠪᠠᠶᠢᠨ᠎ᠠ᠃ ᠡᠷᠢᠶᠡᠨ ᠣᠯᠠᠭ᠎ᠠ ᠥᠷᠲᠡᠭᠡ ᠶᠢᠨ ᠪᠠᠭᠤᠷᠢ ᠶᠢᠨ ᠮᠦᠽᠧᠢ ᠨᠢ ︽ᠲᠦᠮᠡᠨ ᠭᠠᠵᠠᠷ ᠤᠨ ᠴᠠᠢ ᠶᠢᠨ ᠵᠠᠮ︾ | ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢᠶᠠᠷ ᠰᠣᠩᠭᠤᠭᠳᠠᠪᠠ᠃ ᠮᠣᠩᠭᠤᠯ ᠣᠷᠣᠰ ᠤᠨ ᠤᠷᠠᠨ | ᠰᠠᠶᠢᠬᠠᠨ ᠤ ᠲᠢᠶᠠᠲᠷ ᠢ ᠪᠠᠶᠢᠭᠤᠯᠣᠨ ᠠᠰᠢᠭᠯᠠᠯᠳᠠ ᠳᠤ ᠤᠷᠤᠭᠤᠯᠵᠤ᠂ ᠯᠦᠩ ᠶᠤᠸᠠᠨ᠂ ᠭᠦᠸᠧ ᠬᠤᠣ | ᠪᠠᠭᠤᠳᠠᠯ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ ︽ᠴᠠᠢ ᠶᠢᠨ ᠵᠠᠮ︾ ᠤᠨ ᠰᠣᠶᠤᠯ | ᠵᠢᠭᠤᠯᠴᠢᠯᠠᠯ ᠤᠨ ᠨᠠᠶᠢᠷ᠂ ᠳᠤᠮᠳᠠᠳᠤ ᠮᠣᠩᠭᠤᠯ ᠣᠷᠣᠰ ᠤᠨ ᠮᠣᠩᠭᠤᠯ ᠮᠤᠷᠢᠨ ᠤ ᠬᠤᠯᠪᠣᠭᠠᠲᠤ ᠤᠷᠤᠯᠳᠤᠭᠠᠨ᠂ ︽ | ᠲᠠᠯ᠎ᠠ ᠨᠤᠲᠤᠭ ᠤᠨ ᠪᠣᠯᠵᠣᠯ᠂ ᠡᠷᠢᠶᠡᠨ ᠤ ᠮᠠᠰᠢᠨᠳᠣ ᠠᠶᠠᠯᠠᠯ︾ ᠵᠡᠷᠭᠡ ᠰᠢᠷᠢᠰ ᠠᠵᠢᠯᠯᠠᠭ᠎ᠠ ᠶᠢ ᠡᠷᠬᠢᠯᠡᠵᠦ᠂ | ᠮᠣᠷᠢᠨ ᠮᠡᠷᠭᠡᠵᠢᠯ ᠤᠨ ᠪᠣᠳᠠᠲᠤ ᠠᠬᠤᠢ ᠶᠢᠨ ᠦᠵᠡᠭᠳᠡᠯᠲᠦ ᠵᠦᠴᠦᠭᠡ ᠶᠢ ᠰᠡᠷᠭᠦᠭᠡᠨ ᠲᠣᠭᠯᠠᠵᠤ᠂ ᠵᠢᠭᠤᠯᠴᠢᠯᠠᠯ ᠤᠨ | ᠡᠯᠧᠮᠧᠨ᠋ᠲ ᠤᠨ ᠨᠥᠬᠦᠴᠡᠯ ᠤᠯᠠᠮ ᠲᠡᠭᠦᠯᠳᠡᠷᠵᠢᠪᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ | 166.7 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ | 31.9 ᠳ᠋ᠦᠩᠰᠢᠭᠤᠷ ᠲᠥᠭᠦᠷᠢᠭ ᠲᠤ ᠬᠦᠷᠴᠦ᠂ ᠴᠥᠮ ᠶᠡᠭᠡ ᠬᠡᠮᠵᠢᠶᠡᠨ ᠤ ᠨᠡᠮᠡᠭᠳᠡᠯ ᠢ ᠪᠡᠶᠡᠯᠡᠭᠦᠯᠪᠡ᠃ ᠠᠷᠢᠭᠤᠨ | ᠴᠡᠪᠡᠷ ᠡᠨᠧᠷᠭᠢ ᠶᠢᠨ ᠦᠢᠯᠡᠰ ᠲᠦᠷᠭᠡᠨ ᠬᠥᠭᠵᠢᠪᠡ᠃ 150 ᠲᠦᠮᠡᠨ ᠺᠢᠯᠤᠸᠠᠲ ᠤᠨ ᠪᠠᠲᠤᠯᠠᠭ᠎ᠠ ᠶᠢᠨ ᠴᠢᠨᠠᠷᠲᠠᠢ | ᠲᠣᠣᠷ ᠲᠤ ᠨᠡᠶᠢᠯᠡᠭᠦᠯᠦᠭᠰᠡᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠵᠦᠪᠰᠢᠶᠡᠷᠡᠯ ᠣᠯᠪᠠ᠃ ᠳᠠᠬᠢᠨ | ᠡᠬᠦᠰᠴᠦ ᠪᠣᠯᠬᠤ ᠡᠨᠧᠷᠭᠢ ᠶᠢᠨ ᠪᠢᠴᠢᠯ ᠴᠠᠬᠢᠯᠭᠠᠨ ᠲᠣᠣᠷ᠂ 5 ᠲᠦᠮᠡᠨ ᠲᠣᠨ ᠯᠢᠲ᠋ᠢ ᠢᠶᠣᠨ ᠤ ᠳ᠋ᠢᠶᠠᠨ ᡂᠢ ᠶᠢᠨ | ᠪᠢᠯᠢᠭ ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠪᠠᠷ | ᠴᠠᠬᠢᠯᠭᠠᠨ ᠭᠠᠷᠭᠠᠭᠰᠠᠨ ᠬᠡᠮᠵᠢᠶ᠎ᠡ 8.74 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 14.5% ᠪᠠᠷ | ᠨᠡᠮᠡᠭᠳᠡᠪᠡ᠃ ᠡᠳᠡᠭᠡᠷ ᠪᠣᠳᠠᠲᠤ ᠴᠣᠭᠴᠠ ᠶᠢᠨ ᠠᠵᠤ ᠠᠬᠤᠶ᠂ ᠳᠠᠪᠠᠭᠤᠯᠢᠭ ᠠᠵᠤ ᠦᠢᠯᠡᠰ ᠤᠨ ︽ᠴᠢᠨᠠᠷ ᠢ | ᠴᠢᠩᠭᠠᠳᠬᠠᠬᠤ︾ ᠶᠢ ᠲᠦᠷᠭᠡᠳᠭᠡᠵᠦ᠂ ᠠᠵᠣ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠵᠦ | ᠬᠦᠴᠦᠷᠭᠡᠭᠵᠢᠭᠦᠯᠬᠦ ᠶᠢ ᠲᠦᠷᠭᠡᠳᠬᠡᠵᠦ᠂ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠬᠢᠵᠢᠭᠦᠯᠵᠦ᠂ ᠪᠢᠳᠡᠨ ᠤ | ᠢᠲᠡᠭᠡᠯ ᠵᠣᠷᠢᠭ ᠢ ᠨᠠᠩ ᠴᠢᠩᠭᠠᠷᠠᠭᠤᠯᠵᠤ᠂ ᠢᠳᠡ ᠬᠦᠴᠦᠨ ᠢ ᠨᠠᠩ ᠬᠦᠢᠴᠡᠳ ᠪᠣᠯᠭᠠᠵᠤ᠂ ᠠᠯᠬᠤᠭ᠎ᠠ ᠶᠢ ᠨᠠᠩ | ᠲᠣᠭᠲᠠᠭᠤᠨ ᠪᠣᠯᠭᠠᠪᠠ᠃ | —— ᠴᠢᠨᠠᠷ ᠢ ᠠᠳᠬᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠶᠢ ᠠᠬᠢᠭᠤᠯᠤᠨ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠣᠯᠳᠠ ᠰᠢᠨ᠎ᠡ ᠳᠡᠭᠡᠭᠰᠢᠯᠡᠯᠳᠡ ᠲᠠᠢ ᠪᠣᠯᠪᠠ᠃ ᠬᠤᠲᠠ ᠶᠢᠨ ᠶᠠᠰᠣ ᠴᠢᠨᠠᠷ ᠳᠡᠰ | ᠵᠡᠷᠭᠡᠯᠡᠯ ᠢ ᠳᠡᠭᠡᠭᠰᠢᠯᠡᠭᠦᠯᠪᠡ᠃ 8 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ | ᠬᠤᠳᠠ ᠶᠢ ᠰᠢᠨᠡᠳᠬᠡᠬᠦ ᠠᠵᠢᠯᠯᠠᠭ᠎ᠠ ᠶᠢ ᠦᠷᠨᠢᠭᠦᠯᠵᠣ᠂ 57 ᠺᠢᠯᠣᠮᠧᠲᠷ ᠬᠠᠭᠤᠴᠢᠨ ᠭᠤᠣᠷᠰᠣ ᠰᠦᠯᠵᠢᠶ᠎ᠡ ᠶᠢ | ᠦᠬᠡᠷᠡᠴᠢᠯᠡᠨ ᠰᠢᠨᠡᠳᠭᠡᠵᠣ᠂ ︽ᠭᠤᠷᠪᠠᠨ ᠵᠡᠭᠡᠯᠢ ᠨᠢᠭᠡ ᠵᠠᠮ︾ ᠤᠨ ᠵᠡᠭᠡᠯᠢ ᠳᠠᠭᠠᠣ 26 ᠠᠰᠠᠷ ᠤᠨ ᠭᠠᠳᠠᠷ | ᠳᠠᠪᠬᠤᠷᠭ᠎ᠠ ᠶᠢᠨ ᠰᠢᠨᠡᠳᠭᠡᠯᠳᠡ ᠶᠢ ᠪᠡᠶᠡᠯᠡᠭᠦᠯᠵᠦ᠂ 6 ᠲᠦᠮᠡ ᠭᠠᠷᠤᠢ ᠲᠡᠭᠰᠢ ᠳᠥᠷᠪᠡᠯᠵᠢᠨ ᠮᠧᠲᠷ ᠤᠨ ᠵᠠᠮ ᠤᠨ | ᠭᠠᠳᠠᠷᠭᠤ ᠶᠢ ᠰᠢᠨᠡᠳᠭᠡᠨ ᠳᠡᠪᠢᠰᠴᠦ᠂ ᠬᠤᠳᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠥᠪᠯᠡᠷᠡᠭᠦᠯᠦᠨ ᠢᠯᠴᠢ ᠬᠠᠩᠭᠠᠬᠤ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠪᠠ᠃ ᠰᠠᠶᠢᠵᠢᠷᠠᠭᠤᠯᠬᠤ ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ | ᠳᠡᠮᠵᠢᠵᠦ᠂ 3 ᠳᠡᠭᠡᠲᠦ ᠵᠡᠷᠭᠡᠯᠡᠯ ᠤᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠪᠠᠷᠢᠯᠭ᠎ᠠ ᠳᠠᠭᠤᠰᠪᠠ᠃ | ᠭᠡᠷ ᠪᠠᠶᠢᠰᠢᠩ ᠲᠠᠲᠠᠪᠤᠷᠢᠯᠠᠨ ︽ᠭᠡᠷ ᠪᠠᠶᠢᠰᠢᠩ ᠤᠨ ᠪᠢᠯᠧᠲ︾ ᠢᠶᠠᠷ ᠲᠦᠪᠬᠢᠨᠡᠭᠦᠯᠬᠦ ᠶᠢ ᠲᠤᠷᠰᠢᠨ ᠬᠡᠷᠡᠭᠵᠢᠭᠦᠯᠵᠦ᠂ | ᠨᠡᠶᠢᠲᠡ 112 ᠡᠷᠦᠬᠡ ᠲᠠᠢ ᠲᠠᠲᠠᠪᠤᠷᠢᠯᠠᠬᠤ ᠬᠡᠯᠡᠯᠴᠡᠭᠡᠷ ᠲᠣᠭᠲᠠᠵᠤ᠂ 7.34 ᠲᠦᠮᠡᠨ ᠲᠡᠭᠰᠢ ᠳᠥᠷᠪᠡᠯᠵᠢᠨ | ᠮᠧᠲᠷ ᠭᠠᠵᠠᠷ ᠰᠢᠷᠣᠶ ᠶᠢ ᠰᠣᠯᠠᠯᠠᠨ ᠭᠠᠷᠭᠠᠪᠠ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠬᠤᠲᠠ ᠶᠢᠨ ᠦᠵᠡᠮᠵᠢ ᠶᠢᠨ ᠣᠷᠴᠢᠨ ᠨᠥᠬᠦᠴᠡᠯ ᠢ ᠨᠠᠩ ᠴᠡᠪᠡᠷ ᠲᠡᠭᠰᠢ ᠡᠮᠬᠢ | ᠵᠢᠷᠤᠮ ᠲᠠᠢ ᠪᠤᠯᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ | ᠠᠬᠢᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ 200 ᠡᠷᠦᠬᠡ ᠶᠢᠨ ᠵᠣᠷᠯᠣᠩ᠂ 68 ᠮᠠᠰᠢᠨ | ᠴᠠᠬᠢᠯᠭᠠᠨ ᠬᠤᠳᠳᠤᠭ᠂ 92 ᠤᠰᠤ ᠬᠠᠳᠠᠭᠠᠯᠠᠬᠤ ᠵᠣᠭᠤᠷᠢ ᠪᠠᠶᠢᠭᠤᠯᠵᠤ᠂ 102 ᠰᠠᠭᠤᠷᠢ ᠳᠤᠯᠠᠭᠠᠨ ᠫᠧᠩ᠂ | ᠡᠪᠡᠰᠦ ᠬᠠᠳᠠᠭᠠᠯᠠᠬᠤ ᠰᠠᠷᠠᠪᠴᠢ ᠶᠢ ᠪᠠᠶᠢᠭᠤᠯᠵᠤ᠂ 2 ᠵᠣᠷᠪᠤᠰ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ | ᠥᠭᠡᠷᠡᠴᠢᠯᠡᠵᠦ ᠰᠠᠶᠢᠵᠢᠷᠠᠭᠤᠯᠬᠤ ᠠᠵᠢᠯ ᠳᠠᠭᠤᠰᠴᠤ ᠲᠡᠷᠭᠡ ᠨᠡᠪᠲᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ | ᠴᠢᠮᠡᠭᠡ ᠬᠤᠯᠪᠣᠭᠠᠨ ᠤ ︽ᠦᠯᠦ ᠬᠠᠮᠣᠷᠬᠤ ᠡᠷᠦᠬᠡ︾ ᠶᠢᠨ ᠲᠣᠤᠷ ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠪᠡ᠃ ᠪᠧᠨ ᠪᠧᠨ ᠰᠢᠯᠢᠳᠡᠭ ᠡᠭᠦᠯᠳᠡᠷ ᠤᠨ ᠠᠯᠠᠰᠢᠨ ᠤ ᠦᠬᠡᠷ ᠲᠡᠵᠢᠭᠡᠨ ᠦᠷᠡᠵᠢᠭᠦᠯᠬᠦ᠂ ᠲᠠᠯ᠎ᠠ ᠨᠤᠲᠤᠭ | ᠤᠨ ᠳᠣᠯᠠᠭᠠᠯᠠᠭ᠎ᠠ᠂ ᠰᠠᠶᠢᠬᠤᠰᠤ ᠶᠢᠨ ᠬᠦᠷᠦᠰᠦ ᠦᠭᠡᠢ ᠪᠠᠷ ᠲᠠᠷᠢᠵᠤ ᠤᠷᠭᠤᠭᠤᠯᠬᠤ ᠵᠡᠷᠭᠡ ᠲᠥᠷᠥᠯ ᠵᠦᠢᠯ ᠢ | ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠲᠠᠯ᠎ᠠ ᠨᠤᠲᠤᠭ ᠤᠨ ᠡᠯᠧᠺᠲᠷᠣᠨ ᠬᠤᠳᠠᠯᠳᠤᠭ᠎ᠠ ᠶᠢ ᠳᠡᠯᠭᠡᠷᠡᠭᠦᠯᠬᠦ | ᠲᠥᠷᠥᠯ ᠵᠦᠢᠯ ᠢ ᠰᠦᠯᠵᠢᠶᠡᠨ ᠳᠤ ᠣᠷᠣᠭᠤᠯᠤᠨ ᠡᠵᠡᠩᠨᠡᠵᠦ᠂ ᠨᠡᠷᠡᠲᠦ ᠰᠦᠯᠵᠢᠶᠡᠨ ᠤ ᠰᠢᠭᠤᠳ | ᠨᠡᠪᠲᠡᠷᠡᠭᠦᠯᠭᠡ ᠶᠢᠨ ᠳᠠᠩ ᠲᠠᠯᠠᠪᠠᠢ ᠶᠢᠨ ᠪᠣᠷᠣᠯᠠᠭᠤᠯᠭ᠎ᠠ ᠶᠢᠨ ᠦᠷᠳᠡᠭ 1.4 ᠳ᠋ᠦᠩᠰᠢᠭᠤᠷ ᠲᠥᠭᠦᠷᠢᠭ ᠢ ᠳᠠᠪᠠᠪᠠ᠃ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠠᠬᠢᠨᠳᠠ ᠰᠢᠯᠢᠳᠡᠭ ᠪᠦᠲᠦᠮᠵᠢ ᠶᠢ ᠡᠭᠦᠳᠪᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠪᠦᠬᠦᠨ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ ᠳᠣᠯᠣᠳᠤᠭᠠᠷ ᠡᠬᠡᠯᠵᠢ | ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠢ | ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠳᠣᠰ ᠢᠷᠠᠭᠤ ᠠᠯᠳᠠᠷ ᠢ ᠬᠦᠷᠳᠡᠭᠰᠡᠨ ᠮᠠᠨ ᠤ ᠤᠯᠤᠰ ᠤᠨ ᠤᠮᠠᠷᠠᠲᠤ | ᠣᠷᠣᠨ ᠤ ᠠᠩᠬᠠᠳᠠᠭᠴᠢ ᠪᠣᠭᠤᠮᠲᠠ ᠬᠤᠲᠠ ᠪᠣᠯᠪᠠ᠃ ᠳᠤᠮᠳᠠᠳᠤ ᠮᠣᠩᠭᠤᠯ ᠤᠨ ᠠᠮᠢ ᠠᠬᠤᠶ ᠶᠢᠨ ᠪᠣᠯᠪᠠᠰᠤᠨ ᠢ | ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠣᠷᠣᠨ ᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ︽ᠥᠪᠥᠷ ᠮᠣᠩᠭᠤᠯ ᠤᠨ ᠪᠣᠬᠢᠷᠲᠤᠯ ᠥᠬᠡᠶ ᠳᠣᠣᠷ᠎ᠠ ᠨᠡᠭᠦᠷᠡᠰᠦᠳᠦᠷᠦᠭᠴᠢᠲᠦ ᠴᠢᠨᠠᠷ ᠰᠠᠶᠢᠳᠠᠢ | ᠬᠥᠭᠵᠢᠯᠲᠡ ᠶᠢ ᠳᠡᠮᠵᠢᠬᠦ ᠲᠤᠬᠠᠶ ᠠᠷᠭ᠎ᠠ ᠬᠡᠮᠵᠢᠶ᠎ᠡ ᠨᠦᠭᠦᠳ︾ ᠲᠤ ᠣᠷᠣᠭᠤᠯᠪᠠ᠃ ᠰᠠᠭᠤᠷᠢ ᠨᠤᠲᠤᠭ ᠪᠡᠯᠴᠢᠭᠡᠷ ᠢ | ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠬᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠦᠬᠡᠨ ᠠᠴᠠ | ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ᠂ ᠲᠠᠯ᠎ᠠ ᠨᠤᠲᠤᠭ ᠤᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ︽ᠭᠤᠷᠪᠠᠨ ᠤᠮᠠᠷᠠᠲᠤ︾ | ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠯᠥᠪᠵᠢᠭᠦᠯᠭᠡ ᠳᠤ ᠣᠷᠣᠭᠤᠯᠪᠠ᠃ ᠡᠲᠡᠭᠡᠷ ᠠᠮᠢ | ᠠᠬᠤᠶ ᠶᠢ ᠲᠡᠷᠢᠭᠦᠨ ᠳᠤ ᠲᠠᠯᠪᠢᠬᠤ᠂ ᠪᠦᠲᠦᠭᠡᠨ ᠪᠠᠶᠢᠭᠤᠯᠣᠯᠳᠠ ᠪᠠ ᠬᠠᠮᠢᠶᠠᠷᠣᠯᠳᠠ ᠶᠢ ᠵᠡᠷᠭᠡ ᠪᠠᠷ ᠴᠢᠬᠤᠯᠠᠴᠢᠯᠠᠬᠤ | ︽ᠬᠠᠮ ᠨᠢᠳᠣᠷᠭ᠎ᠠ︾ ᠨᠢ᠂ ᠤᠯᠠᠮ ᠨᠢᠭᠡ ᠠᠯᠬᠤᠮ ᠴᠢᠳᠠᠪᠬᠢ ᠶᠢ ᠬᠦᠴᠦᠷᠬᠡᠭᠵᠢᠭᠦᠯᠦᠨ᠂ ᠶᠠᠰᠤ ᠴᠢᠨᠠᠷ ᠢ | ᠳᠡᠭᠡᠭᠰᠢᠯᠡᠭᠦᠯᠵᠦ᠂ ᠬᠠᠮᠢᠶᠠᠷᠤᠯᠲᠠ ᠪᠠᠨ ᠰᠢᠯᠢᠳᠡᠭᠵᠢᠭᠦᠯᠦᠨ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ | ᠴᠢᠨᠠᠷ᠂ ᠲᠠᠲᠠᠬᠤ ᠬᠦᠴᠦᠨ ᠢ ᠳᠡᠭᠡᠭᠰᠢᠯᠡᠭᠦᠯᠵᠦ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ ᠶᠢᠨ ᠵᠣᠬᠢᠴᠠᠩᠭᠤᠶ | ᠠᠭᠤᠰᠤᠯᠴᠠᠨ ᠬᠥᠭᠵᠢᠬᠦ ᠶᠢ ᠠᠬᠢᠭᠤᠯᠪᠠ᠃ | —— ᠪᠠᠲᠤᠯᠠᠭ᠎ᠠ ᠶᠢ ᠠᠳᠬᠤᠨ ᠵᠤᠯ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠦᠢᠯᠡᠰ ᠤᠨ | ᠰᠢᠨ᠎ᠡ ᠪᠠᠶᠢᠳᠠᠯ ᠢ ᠡᠭᠦᠳᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠠᠳᠣᠳᠠᠢ᠃ᠥᠪᠡᠷᠲᠡᠭᠡᠨ | ᠵᠠᠰᠠᠬᠤ ᠣᠷᠣᠨ ᠤ 43 ᠬᠤᠪᠢ᠂ ᠬᠤᠲᠠ ᠶᠢᠨ ᠲᠠᠰ ᠤᠨ 5 ᠬᠤᠪᠢ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠪᠦᠬᠦᠨ ᠢ ᠪᠡᠶᠡᠯᠡᠭᠦᠯᠵᠦ᠂ ᠪᠥᠬᠦ ᠵᠢᠯ ᠳᠤ ᠠᠷᠠᠳ ᠤᠨ ᠠᠮᠢᠳᠤᠷᠠᠯ ᠤᠨ ᠬᠦᠷᠢᠶᠡᠨ ᠳᠤ 11.38 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ | ᠬᠠᠭᠠᠰ ᠠᠴᠠ ᠳᠡᠭᠡᠭᠰᠢᠬᠢ ᠶᠢ ᠡᠵᠡᠯᠡᠪᠡ᠃ ᠡᠯ᠎ᠡ ᠲᠥᠷᠥᠯ ᠤᠨ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ | 562 ᠲᠦᠮᠡᠨ ᠲᠥᠭᠦᠷᠢᠭ ᠳᠠᠷᠬᠠᠭᠠᠵᠣ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ | ᠨᠣᠷᠮ᠎ᠠ ᠶᠢ 2.96% ᠳᠣᠳᠣᠷ᠎ᠠ ᠬᠢᠵᠠᠭᠠᠷᠯᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠷ᠎ᠠ ᠶᠢᠨ | ᠳᠤᠮᠳᠠᠴᠢ ᠨᠠᠰᠤᠵᠢᠯ ᠤᠨ ᠠᠰᠠᠷᠠᠮᠵᠢ ᠶᠢᠨ ᠮᠥᠩᠭᠦ ᠨᠢ ᠪᠥᠬᠦ ᠣᠷᠣᠨ ᠤ ᠲᠡᠷᠢᠭᠦᠨ ᠳᠤ ᠣᠷᠣᠵᠤ᠂ ᠬᠤᠲᠠ | ᠬᠥᠳᠡᠭᠡ ᠶᠢᠨ ᠠᠮᠢᠳᠤᠷᠠᠯ ᠤᠨ ᠳᠣᠣᠷ᠎ᠠ ᠪᠠᠲᠤᠯᠠᠭ᠎ᠠ ᠶᠢᠨ ᠪᠠᠷᠢᠮᠵᠢᠶ᠎ᠠ ᠨᠢ ᠪᠥᠬᠦ ᠣᠷᠣᠨ ᠤ ᠭᠤᠷᠪᠠᠳᠤᠭᠠᠷ ᠲᠤ | ᠣᠷᠣᠪᠠ᠃ ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ | ᠪᠥᠲᠥᠭᠡᠨ ᠪᠠᠶᠢᠭᠤᠯᠤᠯᠲᠠ ᠶᠢ ᠪᠥᠬᠦ ᠣᠷᠣᠨ ᠳᠤ ᠣᠷᠢᠳᠴᠢᠯᠠᠨ ᠪᠡᠶᠡᠯᠡᠭᠦᠯᠵᠦ᠂ 15 ᠮᠢᠨᠦ᠋ᠲ ᠤᠨ ᠡᠮᠴᠢᠯᠡᠭᠡᠨ ᠤ | ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠪᠠᠶᠢᠭᠤᠯᠵᠤ ᠳᠠᠭᠤᠰᠬᠠᠪᠠ᠃ | ᠣᠯᠠᠨ ᠠᠷᠭ᠎ᠠ ᠵᠠᠮ ᠢᠶᠠᠷ ᠪᠡᠯᠡ ᠴᠤᠭᠯᠠᠭᠤᠯᠬᠤ᠂ ᠤᠷᠢᠳᠴᠢᠯᠠᠨ ᠨᠥᠬᠦᠪᠥᠷᠢ ᠥᠭᠬᠦ᠂ ᠡᠪᠡᠰᠦ ᠪᠣᠷᠳᠤᠭ᠎ᠠ | ᠨᠥᠭᠡᠴᠡᠯᠡᠬᠦ᠂ ᠮᠠᠯ ᠤᠨᠤᠭ᠎ᠠ ᠶᠢ ᠡᠷᠲᠡ ᠪᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠭᠠᠩ | ᠬᠠᠭᠰᠠᠷᠠᠭᠠᠨ ᠤ ᠪᠠᠶᠢᠳᠠᠯ ᠢ ᠠᠷᠭᠠᠴᠠᠵᠤ᠂ ᠮᠠᠯᠴᠢᠳ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠪᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠲᠦᠷᠭᠡᠪᠴᠢᠯᠡᠨ ᠰᠢᠢᠳᠪᠦᠷᠢᠯᠡᠵᠣ᠂ ᠥᠯᠥ ᠬᠥᠳᠡᠯᠬᠦ ᠬᠥᠷᠥᠩᠭᠡ ᠶᠢ ᠡᠷᠦᠬᠡ ᠬᠤᠪᠢᠶᠠᠨ ᠳᠡᠩᠰᠡᠯᠡᠨ ᠲᠡᠮᠳᠡᠭᠯᠡᠵᠦ | ᠰᠢᠢᠳᠪᠦᠷᠢᠯᠡᠭᠰᠡᠨ ᠨᠣᠷᠮ᠎ᠠ 90.8% ᠬᠦᠷᠪᠡ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠦ᠂ 486 ᠮᠠᠯᠴᠢᠨ ᠲᠠᠷᠢᠶᠠᠴᠢᠨ ᠬᠦᠴᠦ ᠶᠠᠪᠣᠭᠰᠠᠳ | ᠲᠤ 588.9 ᠲᠦᠮᠡᠨ ᠲᠥᠭᠦᠷᠢᠭ ᠤᠨ ᠦᠷᠢᠲᠦᠭᠰᠡᠨ ᠴᠠᠯᠢᠩ ᠢ ᠨᠢ ᠨᠡᠭᠡᠨ ᠠᠪᠴᠢᠷᠠᠪᠠ᠃ ᠨᠡᠶᠢᠭᠡᠮ ᠤᠨ ᠦᠢᠯᠡᠰ | ᠥᠷᠨᠢᠨ ᠬᠥᠭᠵᠢᠪᠡ᠃ ᠳᠥᠷᠪᠡᠳᠦᠭᠡᠷ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠬᠤ ᠢᠨᠵᠧᠨᠧᠷᠢᠩ ᠤᠨ ᠭᠤᠣᠯ | ᠴᠣᠭᠴᠠ ᠶᠢᠨ ᠪᠠᠷᠢᠯᠭ᠎ᠠ ᠶᠢ ᠳᠠᠭᠤᠰᠬᠠᠪᠠ᠃ 4 ᠪᠠᠭ᠎ᠠ ᠰᠤᠷᠭᠠᠭᠤᠯᠢ᠂ 3 ᠳᠤᠮᠳᠠᠳᠤ ᠰᠤᠷᠭᠠᠭᠤᠯᠢ ᠶᠢᠨ ᠢᠵᠢ | ᠪᠦᠷᠢᠳᠦᠭᠰᠡᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠥᠨᠳᠥᠷ ᠳᠤᠮᠳᠠᠳᠤ ᠳᠤ ᠰᠢᠯᠭᠠᠬᠤ ︽ | ᠨᠢᠭᠡᠳᠦᠯᠳᠠᠢ ᠬᠠᠭᠤᠳᠠᠰᠦ︾ ᠵᠢᠴᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠢᠭᠡᠳᠦᠭᠡᠷ ᠣᠨ ᠳᠤ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠪᠡᠶᠡᠯᠡᠭᠦᠯᠵᠦ | ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠲᠦᠷᠢᠮᠵᠢᠭᠦᠯᠦᠨ ᠪᠠᠷᠢᠮᠵᠢᠶ᠎ᠠ ᠳᠤ ᠬᠦᠷᠦᠭᠰᠡᠨ | ᠰᠤᠷᠭᠠᠭᠤᠯᠢ ︵ᠴᠡᠴᠡᠷᠯᠢᠭ︶ ᠶᠢ ᠡᠭᠦᠳᠦᠨ ᠪᠠᠶᠢᠭᠤᠯᠤᠭᠰᠠᠨ ᠨᠣᠷᠮ᠎ᠠ 100 % ᠳᠤ ᠬᠦᠷᠪᠡ᠃ ᠤᠯᠤᠰ ᠤᠨ | ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠨ ᠦᠩᠭᠡᠷᠡᠭᠦᠯᠬᠦ ᠠᠵᠢᠯ ᠥᠪᠡᠷᠲᠡᠭᠡᠨ ᠵᠠᠰᠠᠬᠤ ᠣᠷᠣᠨ ᠤ | ᠦᠨᠡᠯᠡᠯᠲᠡ ᠶᠢ ᠦᠩᠭᠡᠷᠡᠭᠦᠯᠵᠤ᠂ ᠬᠢᠲᠠᠳ ᠡᠮᠨᠡᠯᠭᠡ ᠶᠢᠨ ᠬᠤᠷᠢᠶᠠᠨ ᠤ ᠭᠤᠣᠯ ᠴᠣᠭᠴᠠ ᠶᠢᠨ ᠪᠠᠷᠢᠯᠭ᠎ᠠ ᠳᠠᠭᠤᠰᠪᠠ᠃ | ᠤᠯᠤᠰ ᠤᠨ ᠨᠢᠭᠲᠠᠷᠠᠭᠰᠠᠨ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠶ ᠠᠬᠢᠭᠤᠯᠵᠤ᠂ ᠣᠷᠣᠨ ᠤ ᠳᠣᠳᠣᠨ᠎ᠠ ᠭᠠᠳᠠᠨᠠᠬᠢ 10 ᠡᠷᠦᠬᠡ | ᠭᠤᠷᠪᠠᠳᠣᠭᠠᠷ ᠳᠡᠰ ᠤᠨ ᠬᠥᠬᠡ ᠵᠡᠷᠭᠡᠯᠡᠯ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠵᠢᠯᠯᠠᠵᠤ᠂ ᠡᠮᠴᠢᠯᠡᠭᠡᠨ ᠤ | ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠪᠡ᠃ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ | ᠲᠣᠭᠲᠠᠭᠤᠨ ᠪᠠᠶᠢᠨ᠎ᠠ᠃ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠳᠡᠭᠡᠳᠦ ᠱᠠᠲᠤᠨ ᠠᠴᠠ ᠲᠤᠰᠢᠶᠠᠨ ᠰᠢᠢᠳᠪᠦᠷᠢᠯᠡᠭᠦᠯᠦᠭᠰᠡᠨ᠂ ᠪᠦᠬᠦ ᠬᠤᠲᠠ ᠶᠢᠨ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠣᠷᠣᠯᠠᠨ ᠭᠦᠢᠴᠡᠳᠬᠡᠭᠰᠡᠨ ᠨᠣᠷᠮ᠎ᠠ 100% ᠳᠤ ᠬᠦᠷᠪᠡ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ᠂ ᠵᠢᠱᠢᠶᠡᠴᠢ ᠬᠤᠩᠭᠢᠯ ᠵᠢᠴᠢ ᠵᠢᠱᠢᠶ᠎ᠡ ᠦᠵᠡᠭᠦᠯᠬᠦ | ᠴᠡᠭ ᠢ 19 ᠪᠠᠶᠢᠭᠤᠯᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠲᠠ ᠪᠠᠷ ᠦᠨᠡᠯᠡᠭᠳᠡᠪᠡ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠠᠷᠢᠯᠭᠠᠵᠤ᠂ | ᠠᠵᠤ ᠠᠬᠤᠶᠢᠯᠠᠯ ᠤᠨ ᠲᠠᠩᠰᠠᠨ ᠵᠣᠭᠤᠰ ᠪᠠ ᠳᠠᠯᠳᠠ ᠥᠷᠢ ᠥᠭᠴᠡᠭᠡ ᠶᠢ ᠪᠦᠬᠦᠨ ᠢ ᠠᠷᠢᠯᠭᠠᠵᠣ᠂ ᠡᠷᠢᠶᠡᠨ | ᠬᠤᠳᠠ ᠶᠢᠨ ᠬᠦᠳᠡᠭᠡ ᠳᠣᠰᠬᠤᠨ ᠤ ᠬᠤᠷᠰᠢᠭᠰᠠᠨ ᠪᠠᠩᠬᠢ ᠨᠢ ᠦᠨᠳᠦᠷ ᠲᠦᠭᠰᠢᠭᠦᠷᠢᠲᠤ ᠵᠢᠭᠰᠠᠭᠠᠯ ᠠᠴᠠ ᠭᠠᠷᠴᠤ᠂ | ᠪᠠᠷᠠᠭᠤᠨ ᠬᠤᠳᠠ ᠲᠤᠭᠤᠷᠢᠭ ᠤᠨ ᠭᠠᠵᠠᠷ ᠰᠢᠷᠣᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠲᠡᠭᠦᠰ ᠠᠮᠵᠢᠯᠲᠠ ᠲᠠᠢ ᠰᠢᠢᠳᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠶᠡᠭᠡ ᠬᠦᠴᠦᠨ ᠢᠶᠠᠷ ᠪᠦᠲᠦᠮᠵᠢᠲᠡᠢ ᠶᠠᠪᠤᠭᠳᠠᠭᠤᠯᠪᠠ᠃ ᠴᠡᠷᠢᠭ ᠤᠨ | ᠠᠯᠪᠠᠨ ᠠᠴᠠ ᠬᠠᠯᠠᠭᠳᠠᠭᠰᠠᠨ 2 ᠬᠦᠮᠦᠨ ᠢ ᠲᠣᠬᠢᠲᠠᠢ ᠲᠥᠪᠬᠢᠨᠡᠭᠦᠯᠪᠡ᠃ ᠬᠢᠯᠢ ᠶᠢᠨ ᠬᠠᠮᠢᠶᠠᠷᠤᠯᠲᠠ ᠡᠵᠡᠮᠳᠡᠯ ᠤᠨ | ᠠᠷᠭ᠎ᠠ ᠬᠡᠮᠵᠢᠶ᠎ᠡ ᠶᠢ ᠴᠢᠩᠭᠠᠳᠬᠠᠵᠤ᠂ ︽1 + 7 + N ᠬᠢᠯᠢ ᠬᠢᠵᠠᠭᠠᠷ ᠢ ᠬᠠᠮᠢᠶᠠᠷᠴᠣ ᠬᠢᠯᠢ ᠬᠢᠵᠠᠭᠠᠷ ᠢ | ᠡᠵᠡᠮᠳᠡᠬᠦ ᠪᠠᠶᠢᠯᠳᠤᠭᠠᠨ ᠤ ᠰᠢᠰᠲ᠋ᠧᠮ︾ ᠢ ᠪᠣᠳᠠᠲᠤ ᠴᠣᠭᠴᠠᠵᠢᠭᠤᠯᠤᠨ ᠠᠵᠢᠯᠯᠠᠭᠤᠯᠵᠤ᠂ ᠪᠥᠬᠦ ᠠᠶᠢᠮᠠᠭ ᠤᠨ | ᠠᠩᠬᠠᠳᠠᠭᠴᠢ ︽24 ᠴᠠᠭ ᠤᠨ ᠠᠷᠠᠳ ᠲᠤ ᠲᠥᠬᠦᠮ ᠦᠵᠡᠭᠦᠯᠬᠦ ᠴᠠᠭᠳᠠᠭᠠᠨ ᠤ ᠶᠠᠪᠤᠳᠠᠯ ᠤᠨ ᠠᠵᠢᠯ ᠤᠨ | ᠥᠷᠲᠡᠭᠡ︾ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠠᠮᠤᠷ ᠠᠮᠤᠭᠤᠯᠠᠩ ᠡᠷᠢᠶᠡᠨ ᠤ ᠪᠥᠲᠥᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠬᠡ ᠤᠯᠤᠰ ᠤᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠨᠠᠩ ᠪᠠᠲᠤ ᠪᠠᠬᠢ ᠪᠣᠯᠭᠠᠪᠠ᠃ ᠡᠳᠡᠭᠡᠷ ᠠᠷᠠᠳ ᠤᠨ ᠲᠥᠯᠥᠭᠡ ᠬᠢᠭᠰᠡᠨ ᠠᠵᠢᠯᠯᠠᠭ᠎ᠠ᠂ ᠠᠷᠠᠳ ᠲᠤ | ᠠᠰᠢᠭ ᠬᠦᠷᠲᠡᠭᠡᠬᠦ ᠶᠠᠪᠤᠳᠠᠯ ᠢ ︽ᠪᠦᠬᠦ ᠬᠦᠴᠦᠨ ᠢᠶᠠᠷ ᠢᠶᠠᠨ ᠭᠦᠢᠴᠡᠳᠭᠡᠵᠣ︾᠂ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠬᠦ᠂ ᠠᠮᠤᠷ | ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠵᠣ ᠪᠠᠶᠢᠭ᠎ᠠ ᠨᠢ ᠳᠠᠷᠣᠢ ᠪᠢᠳᠡᠨ ᠤ ᠤᠭ | ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯᠬᠤ ᠪᠥᠭᠡᠳ ᠮᠦᠨᠴᠦ ᠠᠯᠢᠪᠠ ᠠᠵᠢᠯ ᠤᠨ ᠬᠥᠳᠡᠯᠭᠡᠬᠦ ᠬᠦᠴᠦᠨ ᠤ | ᠡᠬᠢ ᠰᠤᠷᠪᠤᠯᠵᠢ᠂ ᠬᠠᠷᠠᠯᠲᠠ ᠴᠢᠭᠯᠡᠯ ᠪᠣᠯᠤᠨ᠎ᠠ᠃ | —— ᠨᠠᠶᠢᠳᠠᠪᠣᠷᠢᠵᠢᠭᠤᠯᠣᠯᠳᠠ ᠶᠢ ᠠᠳᠬᠤᠨ ᠶᠠᠰᠦ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠤ᠂ ᠵᠠᠰᠠᠭ | ᠤᠨ ᠤᠷᠳᠣᠨ ᠤ ᠪᠦᠲᠦᠭᠡᠨ ᠪᠠᠶᠢᠭᠤᠯᠣᠯᠳᠠ ᠶᠢᠨ ᠰᠢᠨ᠎ᠡ ᠠᠮᠵᠢᠯᠲᠠ ᠪᠦᠲᠦᠮᠵᠢ ᠶᠢ ᠬᠠᠷᠠᠭᠤᠯᠪᠠ᠃ ᠭᠤᠤᠯ | ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠵᠣᠬᠢᠶᠠᠨ ᠪᠠᠶᠢᠭᠤᠯᠤᠨ ᠥᠷᠨᠢᠭᠦᠯᠵᠦ᠂ 13 ᠲᠦᠷᠦᠯ ᠤᠨ ᠵᠠᠰᠠᠭ ᠤᠨ | ᠣᠷᠳᠣᠨ ᠤ ᠰᠢᠰᠲ᠋ᠧᠮ ᠤᠨ ᠲᠦᠷᠢᠮ ᠲᠣᠭᠲᠠᠭᠠᠯ ᠢ ᠲᠣᠭᠲᠠᠭᠠᠵᠤ᠂ 104 ᠲᠦᠷᠦᠯ ᠤᠨ ᠪᠠᠶᠢᠴᠠᠭᠠᠨ | ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠵᠦ᠂ ᠣᠯᠠᠨ ᠲᠦᠮᠡᠨ ᠤ ᠪᠠᠴᠢᠮ ᠬᠦᠴᠢᠷᠳᠡᠯᠳᠡᠢ | ᠳᠣᠯᠭᠠᠮᠳᠠᠭᠰᠠᠨ ᠠᠰᠠᠭᠤᠳᠠᠯ ᠢ 447 ᠰᠢᠢᠳᠪᠦᠷᠢᠯᠡᠵᠤ᠂ ᠡᠯ᠎ᠡ ᠲᠥᠷᠥᠯ ᠤᠨ ᠭᠤᠶᠣᠴᠢᠯᠠᠯ ᠡᠷᠡᠮᠡᠯᠵᠡᠯ ᠢ 2.6 | ᠲᠦᠮᠡ ᠭᠠᠷᠤᠶ ᠰᠢᠢᠳᠪᠦᠷᠢᠯᠡᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠳᠡᠭᠡᠳᠦ ᠱᠠᠲᠤᠨ ᠤ ᠲᠣᠭᠤᠷᠢᠨ ᠪᠠᠶᠢᠴᠠᠭᠠᠬᠤ ᠪᠠ | ᠬᠢᠨᠠᠨ ᠪᠤᠳᠤᠯᠲᠠ ᠪᠠᠷ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠴᠡᠭᠴᠡᠯᠡᠨ | ᠰᠠᠶᠢᠵᠢᠷᠠᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ | ᠴᠢᠬᠤᠯᠠ ᠨᠢᠭᠡ ᠳᠣᠮᠣ︾ ᠬᠠᠮᠲᠤ ᠶᠢᠨ ᠰᠢᠢᠳᠪᠦᠷᠢᠲᠦ ᠪᠣᠳᠣᠯᠭ᠎ᠠ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠵᠡᠷᠭᠡ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 57 ᠬᠤᠪᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ 89 ᠬᠤᠪᠢ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠳᠤᠷᠠᠳᠤᠯᠭ᠎ᠠ ᠶᠢ ᠪᠦᠬᠦᠨ ᠢ ᠭᠦᠢᠴᠡᠳᠬᠡᠨ ᠬᠠᠷᠢᠭᠤᠯᠲᠠ ᠥᠭᠪᠡ᠃ ᠳᠡᠭᠡᠳᠦ ᠱᠠᠲᠤ ᠪᠠ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ | ᠭᠤᠤᠯᠳᠠᠯᠭ᠎ᠠ ᠲᠠᠢ ᠭᠦᠢᠴᠡᠳᠬᠡᠯ ᠲᠤᠭ᠎ᠠ᠂ ᠭᠤᠤᠯᠳᠠᠯᠭ᠎ᠠ ᠲᠠᠢ ᠲᠥᠷᠥᠯ ᠵᠦᠢᠯ᠂ ᠭᠤᠤᠯᠳᠠᠯᠭ᠎ᠠ ᠲᠠᠢ ᠠᠵᠢᠯ ᠤᠨ | ᠵᠣᠬᠢᠴᠠᠭᠤᠯᠣᠯᠳᠠ ᠶᠢᠨ ᠲᠣᠭᠲᠠᠴᠠ ᠶᠢ ᠪᠦᠷᠢᠨᠰᠢᠬᠦᠯᠦᠨ᠂ ᠲᠥᠷᠥᠯ ᠵᠦᠢᠯᠵᠢᠬᠦᠯᠦᠨ ᠬᠠᠮᠢᠶᠠᠷᠬᠤ᠂ ᠨᠠᠷᠢᠨ | ᠲᠠᠩᠰᠠᠵᠢᠭᠤᠯᠤᠨ ᠨᠠᠶᠢᠳᠠᠪᠤᠷᠢᠵᠢᠭᠤᠯᠬᠤ᠂ ᠪᠠᠶᠢᠩᠭᠤᠵᠢᠭᠤᠯᠤᠨ ᠰᠢᠮᠳᠠᠭᠤᠯᠤᠨ ᠪᠠᠶᠢᠴᠠᠭᠠᠬᠤ ᠶᠢ ᠬᠡᠷᠡᠭᠵᠢᠭᠦᠯᠵᠦ᠂ | ᠵᠠᠰᠠᠭ ᠤᠨ ᠣᠷᠳᠣᠨ ᠤ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠭᠡᠬᠦ᠂ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠪᠡᠶᠡᠯᠡᠭᠦᠯᠪᠡ᠃ ᠰᠤᠷᠲᠠᠯ ᠢᠶᠠᠨ ᠲᠠᠰᠤᠷᠠᠯᠲᠠ ᠦᠭᠡᠢ ᠬᠤᠪᠢᠷᠠᠭᠤᠯᠵᠤ᠂ ︽ | ᠳᠥᠷᠪᠡᠨ ᠰᠤᠷᠲᠠᠯ︾ ᠢ ᠵᠠᠯᠠᠷᠠᠭᠤᠯᠤᠨ᠂ ᠭᠤᠤᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ | ᠪᠠᠭᠠᠰᠬᠠᠵᠤ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠪᠡ᠃ ᠡᠳᠡᠭᠡᠷ ᠬᠠᠷᠢᠭᠤᠴᠠᠯᠭ᠎ᠠ ᠶᠢ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠤᠷᠲᠠᠯ ᠢ | ᠬᠤᠪᠢᠷᠠᠭᠤᠯᠬᠤ ︽ᠵᠠᠪᠠᠯ ᠬᠠᠷᠢᠭᠤᠯᠬᠤ ᠰᠡᠳᠦᠪ︾ ᠨᠢ᠂ ᠴᠦᠭᠦᠷᠡᠯ ᠦᠭᠡᠢ ᠨᠠᠶᠢᠳᠠᠪᠤᠷᠢᠵᠢᠭᠤᠯᠤᠯᠳᠠ ᠶᠢ | ᠠᠳᠬᠤᠳᠠᠭ ᠯᠠ ᠶᠤᠮ ᠪᠤᠯ᠂ ᠯᠠᠪᠲᠠᠢ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠤᠷᠳᠤᠴᠠ ᠶᠢ ᠲᠦᠷᠭᠡᠳᠭᠡᠨ | ᠦᠷ᠎ᠡ ᠠᠰᠢᠭ ᠢ ᠨᠡᠮᠡᠭᠳᠡᠭᠦᠯᠵᠤ ᠴᠢᠳᠠᠨ᠎ᠠ ᠭᠡᠳᠡᠭ ᠢ ᠬᠠᠷᠠᠭᠤᠯᠵᠣ ᠪᠠᠶᠢᠨ᠎ᠠ᠃ | ᠲᠥᠯᠥᠭᠡᠯᠡᠭᠴᠢᠳ ᠡ᠂ ᠡᠳᠡᠭᠡᠷ ᠠᠮᠵᠢᠯᠲᠠ ᠪᠦᠲᠦᠮᠵᠢ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ | ᠤᠬᠠᠭᠠᠨᠴᠢ ᠵᠢᠯᠣᠭᠤᠳᠣᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠪᠠ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ | ᠰᠢᠢᠳᠪᠦᠷᠢᠲᠦ ᠪᠣᠳᠣᠯᠭ᠎ᠠ ᠶᠢᠨ ᠦᠷ᠎ᠡ ᠳ᠋ᠦᠩ ᠮᠥᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠥᠬᠦ ᠬᠦᠴᠦᠨ ᠢᠶᠠᠷ ᠢᠶᠠᠨ ᠳᠡᠮᠵᠢᠵᠦ᠂ ᠪᠦᠲᠦᠮᠵᠢᠲᠡᠶ ᠬᠢᠨᠠᠯᠲᠠ | ᠲᠠᠯᠪᠢᠭᠰᠠᠨ ᠤ ᠦᠷ᠎ᠡ ᠳ᠋ᠦᠩ ᠮᠥᠨ᠂ ᠪᠥᠬᠦ ᠬᠤᠲᠠ ᠶᠢᠨ ᠬᠠᠮᠳᠣ ᠣᠯᠠᠨ ᠢᠶᠠᠷ ᠢᠶᠠᠨ ᠪᠦᠯᠬᠦᠮᠳᠡᠨ ᠨᠢᠭᠡᠳᠴᠦ᠂ | ᠦᠨᠡᠨᠬᠦ ᠠᠳᠬᠤᠨ ᠪᠣᠳᠠᠲᠠᠶ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ᠂ ᠪᠢ ᠬᠤᠳᠠ ᠶᠢᠨ ᠠᠷᠠᠳ ᠤᠨ | ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠳᠠ ᠶᠢᠨ ᠠᠷᠠᠳ ᠲᠦᠮᠡᠨ᠂ ᠲᠥᠯᠥᠭᠡᠯᠡᠭᠴᠢᠳ᠂ ᠭᠡᠰᠢᠭᠦᠳ᠂ | ᠡᠷᠢᠶᠡᠨ ᠬᠤᠳᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠠ ᠣᠷᠣᠯᠴᠠᠭᠰᠠᠨ ᠪᠦᠬᠦ ᠨᠥᠬᠦᠳ᠂ ᠨᠠᠶᠢᠵᠠ | ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠭᠦᠢᠴᠡᠳ ᠨᠤᠲᠠᠯᠠᠬᠤ ᠶᠢᠨ ᠬᠠᠮᠲᠤ᠂ ᠪᠢᠳᠡ ᠡᠷᠬᠡᠪᠰᠢ ᠤᠷᠤᠭᠰᠢᠯᠠᠯᠲᠠ ᠶᠢᠨ | ᠳᠤᠮᠳᠠᠬᠢ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠄ ᠠᠵᠤ ᠠᠬᠤᠢ ᠶᠢᠨ ᠶᠡᠷᠦᠩᠬᠡᠢ | ᠬᠡᠮᠵᠢᠶ᠎ᠡ ᠬᠠᠷᠠᠬᠠᠨ ᠪᠠᠭ᠎ᠠ᠂ ᠪᠡᠶ᠎ᠡ ᠪᠠᠨ ᠳᠠᠭᠠᠭᠠᠵᠤ ᠨᠡᠮᠡᠭᠳᠡᠭᠦᠯᠬᠦ ᠴᠢᠳᠠᠪᠤᠷᠢ ᠬᠦᠷᠦᠯᠴᠡᠬᠦ ᠦᠭᠡᠢ︔ ᠪᠣᠭᠤᠮᠲᠠ ᠶᠢᠨ | ᠰᠠᠭᠤᠷᠢ ᠲᠥᠬᠦᠭᠡᠷᠦᠮᠵᠢ ᠬᠤᠴᠣᠷᠤᠩᠭᠤᠢ᠂ ︽ᠡᠮᠦᠨ᠎ᠡ ᠪᠣᠭᠤᠮᠢ ᠲᠠᠢ᠂ ᠳᠤᠮᠳᠠ ᠲᠦᠭᠵᠢᠷᠡᠯ ᠲᠠᠢ᠂ ᠬᠤᠶᠢᠨ᠎ᠠ | ᠬᠢᠵᠠᠭᠠᠷᠯᠠᠯ ᠲᠠᠢ︾ ᠠᠰᠠᠭᠤᠳᠠᠯ ᠪᠦᠷᠢᠮᠦᠰᠦᠨ ᠰᠢᠢᠳᠪᠦᠷᠢᠯᠡᠭᠳᠡᠭᠡ ᠦᠭᠡᠢ ᠪᠠᠶᠢᠨ᠎ᠠ︔ ᠠᠵᠤ ᠦᠢᠯᠡᠰ ᠤᠨ ᠰᠠᠭᠤᠷᠢ | ᠪᠠᠭᠤᠷᠠᠢ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠲᠣᠯᠣᠭᠠᠶᠢᠯᠠᠭᠴᠢ ᠠᠵᠤ ᠦᠢᠯᠡᠰ᠂ | ᠲᠣᠯᠣᠭᠠᠶᠢᠯᠠᠭᠴᠢ ᠠᠵᠤ ᠠᠬᠤᠶᠢᠯᠠᠯ᠂ ᠳᠣᠯᠣᠭᠠᠶᠢᠯᠠᠭᠴᠢ ᠲᠦᠷᠦᠯ ᠵᠦᠢᠯ ᠳᠤᠲᠠᠮᠠᠭ︔ ᠭᠠᠳᠠᠭᠠᠳᠤ ᠨᠡᠭᠡᠭᠡᠯᠲᠡ ᠶᠢᠨ | ᠥᠷᠭᠡᠴᠡ᠂ ᠭᠦᠨᠴᠡ ᠪᠠ ᠡᠷᠴᠢᠮ ᠬᠦᠷᠦᠯᠴᠡᠬᠦ ᠦᠭᠡᠢ ᠪᠠᠶᠢᠵᠤ᠂ ᠮᠣᠩᠭᠤᠯ ᠣᠷᠣᠰ ᠯᠤᠭ᠎ᠠ ᠶᠢᠨ ᠪᠣᠳᠠᠳᠣ | ᠬᠠᠮᠲᠤᠷᠠᠯᠴᠠᠭ᠎ᠠ ᠰᠣᠯᠢᠯᠴᠠᠭ᠎ᠠ ᠶᠢᠨ ᠦᠷ᠎ᠡ ᠪᠦᠲᠦᠮᠵᠢ ᠢᠯᠡᠷᠬᠡᠶ ᠪᠢᠰᠢ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠮᠥᠨ ᠬᠦ ᠲᠤᠪᠤᠶᠢᠮ᠎ᠠ ᠪᠠᠶᠢᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠪᠣᠯᠤᠨ | ᠤᠯᠠᠨ ᠲᠦᠮᠡᠨ ᠤ ᠬᠦᠰᠡᠯ ᠡᠷᠡᠮᠡᠯᠵᠡᠯ ᠤᠨ ᠬᠤᠭᠤᠷᠣᠨᠳᠦ ᠮᠥᠨ ᠬᠦ ᠵᠥᠷᠢᠶ᠎ᠡ ᠲᠠᠢ ᠪᠠᠶᠢᠨ᠎ᠠ︔ ᠵᠠᠰᠠᠭ ᠤᠨ | ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠠᠰᠠ ᠦᠷᠭᠦᠯᠵᠢᠯᠡᠨ ᠠᠬᠢᠭᠤᠯᠬᠤ ᠴᠢᠬᠤᠯᠠᠲᠠᠢ︔ ᠵᠠᠷᠢᠮ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠲᠠᠨᠢᠯᠳᠡ ᠴᠢᠩᠭ᠎ᠠ ᠪᠤᠰᠤ᠂ ᠡᠷᠴᠢ ᠵᠣᠷᠢᠭ ᠳᠤᠲᠠᠮᠠᠭ᠂ ᠬᠡᠷᠡᠭᠵᠢᠭᠦᠯᠬᠦ | ᠬᠦᠴᠦᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠳᠤ ᠬᠠᠨᠳᠣᠭᠤᠯᠣᠨ᠂ ᠪᠢᠳᠡ ᠬᠠᠲᠠᠭᠤ | ᠠᠷᠭ᠎ᠠ ᠬᠡᠮᠵᠢᠶ᠎ᠡ ᠠᠪᠴᠤ᠂ ᠪᠦᠲᠦᠮᠵᠢᠲᠡᠢ ᠰᠢᠢᠳᠪᠦᠷᠢᠯᠡᠬᠦ ᠴᠢᠬᠤᠯᠠᠳᠠᠢ᠃ | ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ | ᠲᠥᠪ ᠬᠤᠷᠢᠶᠠᠨ ᠤ ᠠᠵᠤ ᠠᠬᠤᠶ ᠶᠢᠨ ᠠᠵᠢᠯ ᠤᠨ ᠬᠤᠷᠠᠯ ᠤᠨ ︽ᠲᠠᠪᠤᠨ ᠡᠷᠬᠡᠪᠰᠢ︾ ᠪᠠ ︽ᠶᠢᠰᠦᠨ | ᠭᠤᠤᠯᠳᠠᠯᠭ᠎ᠠ ᠲᠠᠢ ᠡᠭᠦᠷᠭᠡ︾ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠵᠣ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ | ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ︽ᠨᠢᠭᠡ ᠭᠤᠤᠯ ᠱᠤᠭᠤᠮ︾ ᠪᠠ ︽ᠵᠢᠷᠭᠤᠭᠠᠨ | ᠢᠨᠵᠧᠨᠧᠷᠢᠩ︾ ᠪᠤᠯᠤᠨ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ 4 ᠳ᠋ᠤᠭᠡᠷ | ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠣᠷᠢᠵᠢᠭᠤᠯᠬᠤ ᠶᠢᠨ | ᠳᠣᠯᠠᠳᠠ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ | ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠠᠴᠠ ᠴᠠᠭ ᠤᠨ ᠪᠠᠶᠢᠳᠠᠯ ᠳᠤ | ᠳᠣᠬᠢᠷᠠᠭᠤᠯᠣᠨ ᠬᠦᠲᠦᠯᠦᠨ ᠵᠢᠯᠣᠭᠤᠳᠴᠣ ᠬᠠᠷᠠᠯᠳᠠ ᠪᠠᠨ ᠪᠡᠶᠡᠯᠡᠭᠦᠯᠬᠦ ᠵᠣᠷᠢᠯᠭ᠎ᠠ ᠪᠠᠷ ᠪᠥᠬᠦ ᠬᠤᠲᠠ ᠶᠢᠨ | ᠬᠦᠴᠦᠨ᠂ ᠣᠶᠤᠨ ᠤᠬᠠᠭᠠᠨ ᠢ ᠲᠦᠪᠯᠡᠷᠡᠭᠦᠯᠦᠨ ︽ᠲᠠᠪᠤᠨ ᠰᠢᠪᠲᠤᠯᠤᠯᠲᠠ ᠶᠢᠨ ᠳᠠᠶᠢᠯᠠᠯᠳᠤᠭᠠᠨ︾ ᠢ ᠰᠠᠶᠢᠲᠤᠷ | ᠬᠢᠬᠦ ᠠᠵᠢᠯ ᠤᠨ ᠱᠠᠭᠠᠷᠳᠠᠯᠭ᠎ᠠ ᠶᠢ ᠳᠣᠷᠠᠳᠣᠨ ᠭᠠᠷᠭᠠᠪᠠ᠃ ᠡᠭᠦᠨ ᠤ ᠲᠤᠯᠠᠳᠠ᠂ ᠪᠢᠳᠡ ᠪᠦᠬᠦ ᠲᠠᠯ᠎ᠠ ᠪᠠᠷ ᠳ᠋ᠦᠩᠨᠡᠬᠦ | ᠳᠤᠮᠳᠠ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠨᠠᠶᠢᠳᠠᠪᠤᠷᠢᠵᠢᠭᠤᠯᠬᠤ ᠳᠤᠮᠳᠠ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠲᠦᠷᠦ ᠶᠢᠨ ᠪᠤᠳᠤᠯᠭ᠎ᠠ ᠶᠢᠨ | ᠬᠠᠨᠳᠤᠰᠢ ᠶᠢ ᠣᠨᠣᠪᠴᠢᠲᠠᠢ ᠡᠵᠡᠮᠳᠡᠵᠦ᠂ ᠲᠤᠰ ᠪᠡᠶ᠎ᠡ ᠶᠢᠨ ᠬᠥᠭᠵᠢᠯᠲᠡ ᠶᠢᠨ ᠳᠠᠪᠠᠭᠤᠯᠢᠭ ᠢᠶᠠᠨ ᠰᠠᠶᠢᠲᠤᠷ | ᠠᠰᠢᠭᠯᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠡᠷᠴᠢ ᠵᠣᠷᠢᠭ ᠢᠶᠠᠨ ᠬᠥᠪᠴᠢᠯᠡᠨ᠂ ᠡᠯ᠎ᠡ ᠵᠦᠢᠯ ᠤᠨ | ᠠᠵᠢᠯ ᠢ ᠣᠷᠣᠭᠰᠢ ᠳᠠᠪᠰᠢᠭᠤᠯᠣᠨ᠂ ᠰᠢᠯᠢᠳᠡᠭ ᠢ ᠡᠭᠦᠳᠦᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ | ᠳᠡᠭᠡᠳᠦ ᠱᠠᠳᠤ ᠪᠣᠯᠤᠨ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠳᠣᠣᠱᠳᠠᠢ ᠨᠠᠶᠢᠳᠠᠪᠤᠷᠢᠵᠢᠭᠤᠯᠵᠤ᠂ ᠪᠣᠳᠠᠳᠣ ᠦᠷ᠎ᠡ ᠪᠦᠲᠦᠮᠵᠢ ᠭᠠᠷᠭᠠᠬᠤ ᠶᠢ ᠪᠠᠳᠣᠯᠠᠨ᠎ᠠ᠃ | ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠪᠣᠯᠤᠨ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠰᠢᠯᠢ ᠶᠢᠨ ᠭᠤᠣᠯ ᠠᠶᠢᠮᠠᠭ᠂ ᠪᠦᠬᠦ ᠬᠤᠳᠠ ᠶᠢᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ | ᠱᠤᠭᠤᠮ ᠤᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ | ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ | ᠰᠢᠨ᠎ᠡ ᠴᠠᠭ ᠦᠶ᠎ᠡ ᠶᠢᠨ ᠤᠯᠤᠰ ᠤᠨ ᠤᠮᠠᠷᠠᠰᠢ ᠨᠡᠭᠡᠭᠡᠯᠲᠡ ᠬᠢᠬᠦ ᠬᠠᠮᠤᠭ ᠤᠨ ᠶᠡᠭᠡ ᠬᠠᠭᠤᠷᠠᠢ ᠵᠠᠮ ᠤᠨ | ᠪᠣᠭᠤᠮᠲᠠ ᠬᠤᠳᠠ ᠶᠢ ᠪᠦᠳᠦᠭᠡᠨ ᠪᠠᠶᠢᠭᠤᠯᠬᠤ ᠪᠠᠷ ᠰᠢᠭᠤᠳᠴᠣ᠂ ᠬᠦᠴᠦ ᠪᠠᠨ ᠲᠥᠪᠯᠡᠷᠡᠭᠦᠯᠦᠨ ᠬᠤᠶᠠᠷ ᠶᠡᠭᠡ | ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠴᠢᠨᠠᠷ ᠰᠠᠶᠢᠳᠠᠢ ᠨᠠᠶᠢᠳᠠᠪᠤᠷᠢᠵᠢᠭᠤᠯᠵᠤ᠂ ︽ | ᠲᠠᠪᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠶᠠᠰᠤ ᠴᠢᠨᠠᠷ ᠢ ᠳᠡᠭᠡᠭᠰᠢᠯᠡᠭᠦᠯᠬᠦ ᠶᠢ | ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | ᠭᠤᠤᠯ ᠵᠢᠱᠢᠭᠰᠡᠨ ᠬᠠᠷᠠᠯᠲᠠ ᠪᠣᠯ᠄ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7 % ᠠᠴᠠ | ᠳᠡᠭᠡᠭᠰᠢ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7 % ᠠᠴᠠ ᠳᠡᠭᠡᠭᠰᠢ | ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 100 % ᠠᠴᠠ ᠳᠡᠭᠡᠭᠰᠢ | ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠬᠤ ᠶᠡᠷᠦᠩᠬᠡᠶ ᠦᠷᠳᠡᠭ ᠢ 6.5 | % ᠠᠴᠠ ᠳᠡᠭᠡᠭᠰᠢ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ | ᠲᠣᠭᠲᠠᠭᠤᠨ ᠢᠶᠠᠷ ᠨᠡᠮᠡᠭᠳᠡᠭᠦᠯᠦᠨ᠎ᠡ︔ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠠᠯ᠎ᠠ ᠪᠠᠷ | ᠳᠡᠭᠡᠳᠦ ᠱᠠᠲᠤᠨ ᠠᠴᠠ ᠪᠠᠭᠤᠯᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ | ︵ᠨᠢᠭᠡ︶ ᠭᠠᠳᠠᠭᠠᠳᠤ ᠨᠡᠭᠡᠭᠡᠯᠳᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠬᠦᠴᠦᠯᠡᠨ ᠴᠣᠭᠴᠠᠯᠠᠨ᠎ᠠ | ᠶᠡᠷᠦᠩᠬᠡᠶᠢᠯᠡᠭᠰᠡᠨ ᠵᠠᠩᠭᠢᠯᠠᠭ᠎ᠠ ᠶᠢᠨ ᠪᠣᠭᠤᠮᠲᠠ ᠶᠢᠨ ᠴᠢᠳᠠᠪᠬᠢ ᠳᠡᠰ ᠵᠡᠷᠭᠡᠯᠡᠯ ᠢ ᠳᠡᠭᠡᠭᠰᠢᠯᠡᠭᠦᠯᠦᠨ᠎ᠡ᠃ | ᠴᠢᠳᠠᠪᠬᠢ ᠶᠢ ᠥᠷᠭᠡᠳᠬᠡᠬᠦ ᠪᠠ ᠳᠠᠯᠳᠠ ᠬᠦᠴᠦᠨ ᠢ ᠠᠭᠤᠳᠠᠯᠯᠠᠬᠤ ᠶᠢ ᠵᠡᠷᠭᠡ ᠪᠠᠷ ᠴᠢᠬᠤᠯᠠᠴᠢᠯᠠᠬᠤ᠂ ᠰᠠᠭᠤᠷᠢ ᠶᠢ | ᠴᠢᠩᠭᠠᠳᠬᠠᠬᠤ ᠪᠠ ᠴᠢᠳᠠᠮᠵᠢ ᠶᠢ ᠲᠡᠭᠦᠯᠳᠡᠷᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠲᠡᠮᠦᠷ | ᠵᠠᠮ ᠤᠨ ᠪᠣᠭᠤᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠴᠢᠳᠠᠮᠵᠢ ᠶᠢ ᠥᠷᠭᠡᠳᠬᠡᠬᠦ ᠶᠢ ᠲᠦᠷᠭᠡᠳᠭᠡᠨ᠂ ᠡᠷᠢᠶᠡᠨ | ᠥᠷᠲᠡᠭᠡ ᠶᠢᠨ ᠴᠢᠳᠠᠮᠵᠢ ᠶᠢ ᠥᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠳᠤᠮᠳᠠᠳᠤ ᠮᠣᠩᠭᠤᠯ ᠤᠨ | ᠥᠷᠭᠡᠨ ᠪᠠᠷᠢᠮᠵᠢᠶᠠᠲᠤ ᠲᠡᠮᠦᠷ ᠵᠠᠮ ᠤᠨ ᠬᠤᠯᠪᠣᠯᠳᠤᠭᠰᠠᠨ ᠱᠤᠭᠤᠮ ᠵᠡᠷᠭᠡ ᠲᠥᠷᠥᠯ ᠵᠦᠢᠯ ᠤᠨ ᠠᠵᠢᠯ ᠡᠬᠢᠯᠡᠭᠦᠯᠦᠨ | ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠵᠠᠰᠠᠮᠠᠯ ᠵᠠᠮ ᠤᠨ ᠪᠣᠭᠤᠮᠲᠠ ᠶᠢᠨ ᠢᠵᠢ ᠪᠦᠷᠢᠳᠦᠭᠦᠯᠬᠦ ᠴᠢᠳᠠᠮᠵᠢ ᠶᠢᠨ | ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠶᠠᠳᠤᠭᠠᠷ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠲᠥᠷᠥᠯ | ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠢ ᠲᠦᠸᠧ ᠹᠦ᠋ ᠶᠤᠸᠠᠨ ᠪᠣᠭᠤᠮᠲᠠ ᠶᠢᠨ ᠬᠢᠨᠠᠨ | ᠬᠠᠮᠢᠶᠠᠷᠤᠯᠲᠠ ᠶᠢᠨ ᠲᠣᠭᠤᠷᠢᠭ ᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠠᠭᠠᠷ ᠤᠨ | ᠠᠶᠠᠯᠠᠯ ᠤᠨ ᠪᠣᠭᠤᠮᠲᠠ ᠶᠢᠨ ᠭᠠᠳᠠᠭᠠᠳᠤ ᠨᠡᠭᠡᠭᠡᠯᠲᠡ ᠶᠢ ᠪᠥᠬᠦ ᠬᠦᠴᠦᠨ ᠢᠶᠠᠷ ᠠᠬᠢᠭᠤᠯᠵᠤ᠂ ᠣᠯᠠᠨ ᠤᠯᠤᠰ ᠤᠨ | ᠠᠭᠠᠷ ᠤᠨ ᠠᠶᠠᠯᠠᠯ ᠤᠨ ᠲᠣᠰᠣ ᠨᠡᠮᠡᠬᠦ ᠥᠷᠲᠡᠭᠡ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ | ᠲᠥᠯᠥᠪᠵᠢᠭᠦᠯᠵᠦ᠂ ︽ᠲᠣᠬᠢᠶᠠᠯ︾ ᠢ ᠠᠰᠢᠭᠯᠠᠨ ᠠᠭᠠᠷ ᠤᠨ ᠠᠵᠤ ᠠᠬᠤᠶ ᠶᠢ ᠪᠤᠶᠢᠵᠢᠭᠤᠯᠤᠨ ᠬᠥᠭᠵᠢᠭᠦᠯᠦᠨ᠎ᠡ᠃ | ᠪᠠᠷᠠᠭᠠᠨ ᠤ ᠭᠦᠢᠯᠭᠡᠭᠡᠨ ᠤ ᠭᠠᠷᠴᠠ ᠶᠢᠨ ᠭᠠᠳᠠᠭᠠᠳᠣ ᠳᠣᠲᠣᠭᠠᠳᠤ ᠳᠤ ᠰᠠᠭᠠᠳ ᠦᠭᠡᠢ ᠨᠡᠪᠲᠡᠷᠡᠬᠦ ᠶᠢ ᠲᠦᠷᠭᠡᠳᠬᠡᠨ | ᠠᠬᠢᠭᠤᠯᠵᠤ᠂ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠮᠣᠩᠭᠤᠯ ᠤᠯᠤᠰ ᠤᠨ ᠠᠭᠤᠷᠬᠠᠢ ᠶᠢᠨ | ᠣᠷᠣᠨ ᠠᠴᠠ ᠵᠠᠮ ᠤᠨ ᠡᠭᠦᠳᠡ ᠪᠣᠭᠤᠮᠲᠠ ᠬᠦᠷᠲᠡᠯᠡᠬᠢ ᠬᠦᠨᠳᠦ ᠠᠴᠢᠶᠠᠨ ᠤ ᠵᠠᠰᠠᠮᠠᠯ ᠵᠠᠮ ᠢ ᠪᠦᠲᠦᠭᠡᠨ | ᠪᠠᠶᠢᠭᠤᠯᠣᠯᠳᠠ ᠳᠤ ᠣᠷᠤᠯᠴᠠᠬᠤ ᠳᠤ ᠬᠦᠴᠦ ᠨᠡᠮᠡᠷᠢᠯᠡᠵᠦ᠂ ᠳᠤᠮᠳᠠᠳᠤ ᠮᠣᠩᠭᠤᠯ ᠣᠷᠣᠰ ᠤᠨ ᠳᠤᠮᠳᠠ ᠱᠤᠭᠤᠮ ᠤᠨ | ᠲᠡᠮᠦᠷ ᠵᠠᠮ ᠤᠨ ᠬᠢᠯᠢ ᠶᠢᠨ ᠳᠣᠳᠣᠨ᠎ᠠ ᠭᠠᠳᠠᠨᠠᠬᠢ ᠬᠡᠰᠡᠭ ᠤᠨ ᠡᠷᠲᠡᠬᠡᠨ ᠠᠵᠢᠯ ᠡᠬᠢᠯᠡᠭᠦᠯᠬᠦ ᠶᠢ ᠵᠣᠬᠢᠴᠠᠭᠤᠯᠤᠨ | ᠠᠬᠢᠭᠤᠯᠵᠤ᠂ ᠡᠷᠢᠶᠡᠨ— ᠤᠯᠠᠭᠠᠨᠪᠠᠭᠠᠲᠤᠷ᠂ ᠡᠷᠢᠶᠡᠨ— ᠢᠷᠺᠦ᠋ᠼᠺ ᠵᠡᠷᠭᠡ ᠮᠣᠩᠭᠤᠯ ᠣᠷᠣᠰ ᠤᠨ ᠤᠷᠤᠨ | ᠨᠤᠲᠤᠭ ᠤᠨ ᠣᠯᠠᠨ ᠤᠯᠤᠰ ᠤᠨ ᠠᠶᠠᠯᠠᠯ ᠤᠨ ᠱᠤᠭᠤᠮ ᠢ ᠨᠡᠪᠲᠡᠷᠡᠭᠦᠯᠦᠨ᠎ᠡ᠃ ᠪᠣᠭᠤᠮᠲᠠ ᠶᠢᠨ ᠲᠥᠪᠯᠡᠷᠡᠭᠦᠯᠦᠨ | ᠲᠠᠷᠬᠠᠭᠠᠬᠤ ᠲᠡᠭᠡᠭᠡᠪᠦᠷᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠶᠤᠨᠲᠤ | ᠪᠣᠭᠤᠮᠲᠠ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠦ᠂ ᠬᠤᠤ ᠲᠦᠩ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠲᠡᠮᠦᠷ ᠵᠠᠮ ᠤᠨ ᠲᠤᠰᠬᠠᠶ ᠱᠤᠭᠤᠮ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠢᠨᠵᠧᠨᠧᠷᠢᠩ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠥᠷᠭᠡᠨ ᠴᠠᠷᠭᠤᠳᠣ | ᠠᠴᠢᠶ᠎ᠠ ᠳᠡᠭᠡᠭᠡᠪᠦᠷᠢ ᠶᠢᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠡᠯᠪᠡᠷᠢ ᠶᠢ ᠥᠷᠭᠡᠳᠬᠡᠨ᠎ᠠ᠃ ᠣᠯᠠᠨ | ᠤᠯᠤᠰ ᠤᠨ ᠡᠷᠡᠭᠦᠯ ᠬᠠᠮᠠᠭᠠᠯᠠᠯ ᠤᠨ ᠡᠬᠡ ᠬᠠᠭᠤᠷᠠᠶ ᠶᠢᠨ ᠭᠠᠷᠠᠮ ᠢ ᠯᠠᠪᠳᠠᠭᠤᠨ ᠢᠶᠠᠷ ᠡᠭᠦᠳᠦᠨ ᠪᠠᠶᠢᠭᠤᠯᠤᠨ᠎ᠠ᠃ | ᠨᠡᠭᠡᠭᠡᠯᠲᠡ ᠶᠢᠨ ᠲᠠᠪᠴᠠᠩ ᠤᠨ ᠶᠡᠰᠣ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ᠨᠡᠭᠡᠭᠡᠯᠲᠡ ᠶᠢᠨ ᠴᠢᠳᠠᠮᠵᠢ ᠲᠠᠰ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠣᠭᠤᠷᠢᠨ ᠳᠤ᠂ ᠳᠤᠮᠳᠠᠳᠤ ᠤᠯᠤᠰ ︵ᠥᠪᠥᠷ ᠮᠣᠩᠭᠤᠯ︶ ᠤᠨ | ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠭᠤᠶᠣᠴᠢᠯᠠᠨ ᠪᠠᠶᠢᠭᠤᠯᠬᠤ ᠳᠤ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠰᠢᠨ᠎ᠡ ᠴᠠᠭ ᠦᠶ᠎ᠡ ᠶᠢᠨ ᠲᠠᠰ ᠳᠡᠪᠰᠢᠬᠦᠯᠦᠭᠰᠡᠨ ᠬᠡᠪᠯᠡᠯ ᠤᠨ ᠭᠠᠳᠠᠭᠠᠳᠤ | ᠨᠡᠭᠡᠭᠡᠯᠲᠡ ᠶᠢᠨ ᠲᠠᠪᠴᠠᠩ ᠢ ᠪᠣᠶ ᠪᠣᠯᠭᠠᠵᠤ᠂ ︽ᠭᠤᠷᠪᠠᠨ ᠳᠣᠭᠤᠷᠢᠭ︾ ᠢ ᠬᠠᠮᠤᠷᠤᠭᠰᠠᠨ᠂ ᠲᠥᠷᠥ ᠶᠢᠨ | ᠪᠣᠳᠣᠯᠭ᠎ᠠ ᠳᠠᠪᠬᠤᠷᠳᠠᠭᠰᠠᠨ᠂ ᠬᠠᠷᠢᠯᠴᠠᠨ ᠬᠥᠳᠡᠯᠦᠯᠴᠡᠭᠰᠡᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ | ᠤᠯᠤᠰ ᠤᠨ ᠭᠤᠤᠯᠳᠠᠯᠭ᠎ᠠ ᠲᠠᠢ ᠬᠦᠭᠵᠢᠭᠦᠯᠦᠯᠳᠡ ᠨᠡᠭᠡᠭᠡᠯᠳᠡ ᠶᠢᠨ ᠲᠤᠷᠰᠢᠯᠲᠠ ᠶᠢᠨ ᠳᠣᠭᠤᠷᠢᠭ ᠤᠨ ᠣᠨ ᠤ | ᠮᠡᠳᠡᠭᠦᠯᠦᠯᠲᠡ ᠪᠣᠯᠤᠨ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠡ᠃ ᠳᠤᠮᠳᠠᠳᠤ ᠮᠣᠩᠭᠤᠯ ᠤᠨ ᠠᠵᠤ ᠠᠬᠤᠶ ᠶᠢᠨ | ᠬᠠᠮᠲᠤᠷᠠᠯᠴᠠᠭᠠᠨ ᠤ ᠣᠷᠣᠨ ᠤ ︽ᠬᠥᠳᠡᠯᠭᠡᠭᠦᠷ︾ ᠢ ᠬᠥᠭᠵᠢᠭᠡᠵᠦ᠂ ᠲᠥᠷᠥ ᠶᠢᠨ ᠪᠣᠳᠣᠯᠭ᠎ᠠ ᠶᠢᠨ ᠳᠠᠭᠤ ᠳᠤ | ᠵᠥᠪᠰᠢᠶᠡᠷᠡᠭᠦᠯᠬᠦ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠶᠡᠷᠦᠩᠬᠡᠶᠢᠯᠡᠨ ᠪᠠᠶᠢᠴᠠᠭᠠᠨ ᠰᠢᠯᠭᠠᠬᠤ ᠠᠰᠠᠷ ᠤᠨ | ᠳᠣᠲᠣᠷ᠎ᠠ ᠴᠢᠮᠡᠭᠯᠡᠯ ᠪᠠ ᠡᠮᠦᠨ᠎ᠡ ᠤᠮᠠᠷ᠎ᠠ ᠲᠠᠯᠠᠪᠠᠶ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠳᠠᠭᠤᠰᠬᠠᠵᠣ᠂ ᠵᠠᠰᠠᠮᠠᠯ ᠵᠠᠮ ᠲᠡᠮᠦᠷ ᠵᠠᠮ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ | ᠠᠵᠢᠯ ᠢ ᠡᠬᠢᠯᠡᠭᠦᠯᠬᠦ ᠪᠠᠷ ᠴᠢᠷᠮᠠᠶᠢᠨ᠎ᠠ᠃ ᠤᠯᠠᠨ ᠤᠯᠤᠰ ᠤᠨ ᠪᠠᠷᠠᠭᠠᠨ ᠤ ᠭᠦᠢᠯᠭᠡᠭᠡ᠂ ᠤᠯᠠᠨ ᠤᠯᠤᠰ ᠤᠨ | ᠡᠮᠴᠢᠯᠡᠭᠡᠨ ᠤ ᠡᠷᠡᠭᠦᠯᠵᠢᠯ ᠰᠤᠪᠢᠯᠠᠯᠲᠠ᠂ ᠤᠯᠠᠨ ᠤᠯᠤᠰ ᠤᠨ ᠤᠷᠠᠯᠢᠭ ᠤᠨ ᠪᠦᠲᠦᠭᠡᠯ ᠤᠨ ᠠᠷᠠᠯᠵᠢᠶ᠎ᠠ ᠵᠡᠷᠭᠡ | ᠲᠥᠯᠥᠪᠵᠢᠭᠦᠯᠭᠡ ᠶᠢ ᠬᠦᠷᠢᠶᠡᠯᠡᠩ ᠳᠤ ᠣᠷᠣᠭᠤᠯᠬᠤ ᠲᠦᠷᠦᠯ ᠵᠦᠢᠯ ᠢ ᠲᠦᠰᠦᠪᠯᠡᠨ ᠣᠷᠣᠭᠤᠯᠤᠨ ᠠᠪᠴᠢᠷᠠᠨ᠎ᠠ᠃ | ᠭᠤᠷᠪᠠᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠵᠣᠬᠢᠶᠠᠨ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ | ᠮᠣᠩᠭᠤᠯ ᠤᠯᠤᠰ ᠯᠤᠭ᠎ᠠ ᠶᠢᠨ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠵᠢᠯ ᠤᠨ ᠳᠣᠲᠣᠷ᠎ᠠ | ᠪᠢᠳᠡᠬᠦᠮᠵᠢᠯᠡᠨ ᠠᠵᠢᠯᠯᠠᠭᠤᠯᠬᠤ ᠪᠠᠷ ᠴᠢᠷᠮᠠᠶᠢᠨ᠎ᠠ᠃ ᠬᠢᠯᠢ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠤᠭᠤᠷᠢᠭ | ᠤᠨ ᠠᠵᠤ ᠦᠢᠯᠡᠰ ᠤᠨ ᠳᠠᠭᠠᠭᠠᠴᠠ ᠶᠢᠨ ᠴᠢᠳᠠᠪᠤᠷᠢ ᠶᠢ ᠴᠢᠩᠭᠠᠳᠬᠠᠵᠤ᠂ ᠡᠷᠢᠶᠡᠨ ᠬᠤᠲᠠ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠨᠡᠮᠡᠵᠦ ᠪᠠᠶᠢᠭᠤᠯᠬᠤ ᠪᠠᠷ ᠢᠳᠡᠪᠬᠢᠲᠡᠶ ᠪᠠᠷ ᠭᠤᠶᠤᠴᠢᠯᠠᠨ | ᠮᠡᠳᠡᠭᠦᠯᠦᠨ᠎ᠡ᠃ ︽ᠳᠤᠭᠤᠶᠢᠯᠠᠩ ᠪᠦᠯᠬᠦᠮ︾ ᠤᠨ ᠦᠷᠭᠦᠯᠵᠢᠯᠡᠨ ᠨᠡᠭᠡᠭᠡᠨ ᠬᠥᠭᠵᠢᠭᠦᠯᠬᠦ ᠶᠢ ᠠᠬᠢᠭᠤᠯᠵᠤ᠂ | ᠬᠠᠷᠢᠯᠴᠠᠨ ᠠᠷᠠᠯᠵᠢᠶᠠᠯᠠᠬᠤ ᠲᠠᠸᠠᠷ ᠢ ᠪᠣᠳᠠᠲᠠᠶᠢᠵᠢᠭᠤᠯᠤᠨ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠤᠨ | ᠲᠥᠷᠥᠯ ᠵᠦᠢᠯ ᠤᠨ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠠᠵᠢᠯ ᠢ ᠰᠠᠶᠢᠲᠤᠷ ᠬᠢᠨ᠎ᠠ᠃ ︽ | ᠨᠡᠭᠦᠷᠡᠰᠦᠲᠥ᠋ᠷᠥᠭᠴᠢ ᠶᠢᠨ ᠪᠣᠭᠤᠮᠲᠠ ᠶᠢᠨ ᠭᠠᠶᠢᠯᠢ︾ ᠶᠢᠨ ᠠᠬᠤᠢ ᠪᠠᠶᠢᠳᠠᠯ ᠳᠣᠣᠷ᠎ᠠ ᠭᠠᠳᠠᠭᠠᠳᠤ ᠠᠴᠠ | ᠣᠷᠣᠭᠤᠯᠵᠤ ᠭᠠᠷᠭᠠᠬᠤ ᠪᠠ ᠰᠢᠨ᠎ᠡ ᠡᠨᠧᠷᠭᠢ ᠶᠢᠨ ᠳᠠᠪᠠᠭᠤᠯᠢᠭ ᠢ ᠠᠭᠤᠰᠤᠯᠴᠠᠭᠤᠯᠤᠨ᠂ ︽ᠪᠣᠬᠢᠷᠳᠤᠯ ᠦᠭᠡᠢ | ᠴᠠᠬᠢᠯᠭᠠᠨ + ᠴᠢᠨᠠᠷ ᠰᠠᠶᠢᠲᠠᠢ ᠥᠨᠳᠥᠷ ᠳᠠᠭᠠᠭᠠᠴᠠᠲᠤ ᠡᠨᠧᠷᠭᠢ︾ ᠵᠡᠷᠭᠡ ᠠᠵᠤ ᠦᠢᠯᠡᠰ ᠢ ᠪᠤᠶᠢᠵᠢᠭᠤᠯᠵᠤ᠂ | ᠬᠡᠶᠢᠲᠦ ᠴᠠᠪᠠᠤ ᠶᠢᠨ ᠬᠡᠷᠡᠭᠯᠡᠭᠡᠨ ᠤ ᠲᠤᠷᠰᠢᠯᠲᠠ ᠶᠢᠨ ᠲᠠᠰᠤᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠭᠤᠶᠣᠴᠢᠯᠠᠨ | ᠪᠠᠶᠢᠭᠤᠯᠬᠤ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 30 | ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ ᠬᠢᠯᠢ ᠶᠢᠨ ᠢᠷᠭᠡᠳ ᠤᠨ ᠬᠤᠳᠠᠯᠳᠣᠭᠠᠨ ᠤ | ᠲᠣᠭᠤᠷᠢᠭ ᠤᠨ ᠴᠢᠳᠠᠮᠵᠢ ᠶᠢ ᠳᠡᠭᠡᠭᠰᠢᠯᠡᠭᠦᠯᠵᠦ᠂ ᠪᠤᠭᠤᠮᠲᠠ ᠶᠢᠨ ᠶᠡᠷᠦᠩᠬᠡᠢ ᠵᠠᠬᠢᠷᠭ᠎ᠠ ᠶᠢᠨ ᠰᠢᠨ᠎ᠡ ᠪᠠᠷ | ᠨᠡᠶᠢᠲᠡᠯᠡᠭᠰᠡᠨ ᠬᠢᠯᠢ ᠶᠢᠨ ᠢᠷᠭᠡᠳ ᠤᠨ ᠬᠠᠷᠢᠯᠴᠠᠨ ᠠᠷᠠᠯᠵᠢᠶᠠᠯᠠᠬᠤ ᠬᠠᠮᠢᠶᠠᠷᠤᠯᠲᠠ ᠶᠢᠨ ᠠᠷᠭ᠎ᠠ ᠶᠢ ᠬᠦᠭᠡᠭᠡᠴᠡᠯᠳᠦᠨ | ᠤᠯᠵᠤ᠂ ︽ᠨᠠᠵᠠᠭᠠᠢ ᠲᠠᠯ᠎ᠠ ᠶᠢᠨ ᠨᠠᠷᠢᠨ ᠳᠠᠩᠰᠠ+ 15 ᠤᠯᠤᠰ ᠤᠨ ᠲᠠᠸᠠᠷ ᠤᠨ ᠠᠷᠠᠯᠵᠢᠶ᠎ᠠ︾ ᠶᠢᠨ ᠠᠷᠭ᠎ᠠ | ᠬᠡᠮᠵᠢᠶ᠎ᠡ ᠶᠢ ᠲᠦᠷᠭᠡᠳᠭᠡᠨ ᠨᠠᠶᠢᠳᠠᠪᠣᠷᠢᠵᠢᠭᠤᠯᠣᠨ᠎ᠠ᠃ ᠬᠠᠷᠢᠯᠴᠠᠨ ᠠᠷᠠᠯᠵᠢᠶᠠᠯᠠᠬᠤ ᠲᠠᠸᠠᠷ ᠤᠨ ᠭᠤᠷᠪᠠᠨ ᠱᠠᠲᠤᠨ ᠤ | ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠤᠨ B ᠲᠣᠭᠤᠷᠢᠭ ᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ︽ᠬᠠᠷᠢᠯᠴᠠᠨ | ᠠᠷᠠᠯᠵᠢᠶᠠᠯᠠᠬᠤ ᠳᠠᠸᠠᠷ+ ᠲᠤᠰᠬᠠᠶ ᠵᠠᠬ᠎ᠠ ᠳᠡᠯᠭᠡᠭᠦᠷ︾ ︽ᠬᠠᠷᠢᠯᠴᠠᠨ ᠠᠷᠠᠯᠵᠢᠶᠠᠯᠠᠬᠤ ᠲᠠᠸᠠᠷ+ᠡᠯᠧᠺᠲᠷᠣᠨ | ᠬᠤᠳᠠᠯᠳᠤᠭᠠᠨ ᠤ ᠶᠠᠪᠤᠳᠠᠯ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠤᠨ ᠬᠥᠭᠵᠢᠭᠦᠯᠵᠦ᠂ | ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠤᠭᠤᠷᠢᠭ ᠲᠠᠢ ᠬᠤᠯᠪᠣᠭᠠᠯᠠᠨ ᠬᠥᠳᠡᠯᠦᠯᠴᠡᠵᠦ᠂ ᠬᠠᠷᠢᠯᠴᠠᠨ | ᠠᠷᠠᠯᠵᠢᠶᠠᠯᠠᠵᠤ ᠲᠠᠸᠠᠷ ᠤᠨ ᠪᠣᠳᠠᠳᠠᠶᠢᠵᠢᠭᠤᠯᠣᠨ ᠡᠳ᠋ᠰᠢᠭᠦᠯᠬᠦ ᠬᠡᠪᠴᠢᠶ᠎ᠡ ᠶᠢ ᠶᠡᠬᠡᠰᠬᠡᠨ᠂ ᠬᠠᠷᠢᠯᠴᠠᠨ ᠠᠷᠠᠯᠵᠢᠶᠠᠯᠠᠬᠤ | ᠲᠠᠸᠠᠷ ᠤᠨ ᠭᠠᠳᠠᠭᠠᠳᠤ ᠠᠴᠠ ᠣᠷᠣᠭᠤᠯᠵᠦ ᠭᠠᠳᠠᠭᠠᠳᠦ ᠳᠤ ᠠᠷᠠᠯᠵᠢᠶ᠎ᠠ ᠶᠢ 10 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ | ᠭᠠᠳᠠᠭᠠᠳᠤ ᠨᠡᠭᠡᠭᠡᠯᠳᠡ ᠳᠣᠳᠣᠭᠠᠳᠣ ᠬᠤᠯᠪᠣᠭᠠᠯᠠᠯ ᠢ ᠦᠷᠭᠦᠯᠵᠢᠯᠡᠨ ᠬᠦᠨᠵᠡᠭᠡᠶᠢᠷᠡᠭᠦᠯᠦᠨ᠎ᠡ᠃ ᠳᠤᠮᠳᠠᠳᠤ | ᠮᠣᠩᠭᠤᠯ᠂ ᠳᠤᠮᠳᠠᠳᠤ ᠣᠷᠣᠰ ᠤᠨ ᠬᠤᠶᠠᠷ ᠲᠠᠯ᠎ᠠ ᠶᠢᠨ ᠠᠯᠢ ᠣᠯᠠᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ | ᠦᠰᠦᠭ ᠵᠢᠷᠣᠭᠰᠠᠨ ᠢᠶᠠᠷ ᠠᠵᠠ ᠲᠣᠬᠢᠶᠠᠯ ᠪᠣᠯᠭᠠᠵᠤ᠂ ᠮᠣᠩᠭᠤᠯ ᠣᠷᠣᠰ ᠤᠨ ᠬᠥᠷᠰᠢ ᠵᠡᠷᠭᠡᠯᠡᠳᠡᠭᠡ ᠭᠠᠵᠠᠷ | ᠣᠷᠣᠨ ᠯᠤᠭ᠎ᠠ ᠶᠢᠨ ᠪᠣᠳᠠᠳᠣ ᠬᠠᠮᠳᠣ ᠶᠢᠨ ᠠᠵᠢᠯᠯᠠᠭ᠎ᠠ ᠪᠠᠨ ᠪᠠᠬᠢᠵᠢᠭᠦᠯᠦᠨ ᠥᠷᠭᠡᠳᠬᠡᠵᠦ᠂ ᠪᠠᠯᠠ ᠣᠷᠣᠭᠤᠯᠤᠨ | ᠬᠤᠳᠠᠯᠳᠤᠭᠠᠴᠢᠨ ᠤᠷᠢᠬᠤ᠂ ᠪᠣᠭᠤᠮᠲᠠ ᠨᠡᠪᠳᠡᠷᠡᠯᠳᠡ ᠶᠢ ᠳᠥᠭᠦᠮᠴᠢᠯᠡᠬᠦ ᠵᠡᠷᠭᠡ ᠵᠥᠪᠯᠡᠬᠦ ᠲᠣᠭᠲᠠᠴᠠ ᠶᠢ | ᠪᠦᠷᠢᠨᠰᠢᠬᠦᠯᠵᠦ᠂ ᠳᠤᠮᠳᠠᠳᠤ ᠤᠯᠤᠰ ︵ᠡᠷᠢᠶᠡᠨ ᠬᠤᠲᠠ︶ ᠤᠨ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ | ᠪᠠᠯᠠ ᠣᠷᠣᠭᠤᠯᠤᠯᠲᠠ ᠶᠢᠨ ᠴᠢᠭᠤᠯᠭ᠎ᠠ ᠠᠭᠤᠯᠵᠠᠯᠳᠠ ᠶᠢ ᠨᠠᠷᠢᠨ ᠨᠢᠮᠪᠠᠶ ᠰᠠᠶᠢᠲᠤᠷ ᠡᠷᠭᠢᠯᠡᠵᠦ᠂ ᠠᠷᠠᠯᠵᠢᠶ᠎ᠠ᠂ ᠪᠠᠯᠠ | ᠣᠷᠣᠭᠤᠯᠤᠯᠲᠠ᠂ ᠰᠠᠭᠤᠷᠢ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠠᠮᠲᠤᠷᠠᠯᠴᠠᠭ᠎ᠠ ᠵᠡᠷᠭᠡ ᠬᠦᠷᠢᠶᠡᠨ ᠳᠤ | ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠳᠤᠮᠳᠠᠳᠤ ᠮᠣᠩᠭᠤᠯ ᠤᠨ ᠠᠮᠢ ᠠᠬᠤᠶ ᠶᠢᠨ ᠪᠣᠯᠪᠠᠰᠤᠨ ᠢ | ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠲᠤᠭᠤᠷᠢᠭ ᠤᠨ ᠰᠣᠳᠣᠯᠣᠯᠳᠠ ᠨᠣᠳᠠᠯᠠᠯᠳᠠ ᠶᠢ ᠲᠦᠷᠭᠡᠳᠬᠡᠵᠦ᠂ | ᠮᠣᠩᠭᠤᠯ ᠤᠨ ᠲᠠᠯ᠎ᠠ ᠲᠠᠢ ᠬᠠᠮᠲᠤ ᠪᠠᠷ ᠴᠢᠷᠮᠠᠶᠢᠵᠤ᠂ ᠦᠨᠡᠨ ᠪᠣᠳᠠᠲᠠᠶ ᠠᠬᠢᠴᠠ ᠲᠠᠢ ᠪᠣᠯᠭᠠᠬᠤ ᠪᠠᠷ ᠴᠢᠷᠮᠠᠶᠢᠨ᠎ᠠ᠃ | ᠤᠯᠠᠨ ᠤᠯᠤᠰ ᠤᠨ ᠶᠠᠪᠤᠯᠴᠠᠭ᠎ᠠ ᠬᠠᠮᠳᠤᠷᠠᠯᠴᠠᠭ᠎ᠠ ᠶᠢ ᠦᠷᠭᠦᠯᠵᠢᠯᠡᠨ ᠦᠷᠭᠡᠳᠭᠡᠵᠤ᠂ ᠤᠷᠤᠰ ᠤᠨ ᠺᠧᠽᠢᠯ ᠬᠤᠳᠠ | ᠵᠡᠷᠭᠡ ᠬᠤᠳᠠ ᠲᠠᠢ ᠨᠦᠬᠦᠷᠰᠡᠭ ᠬᠤᠳᠠ ᠶᠢᠨ ᠬᠠᠷᠢᠯᠴᠠᠭ᠎ᠠ ᠪᠠᠶᠢᠭᠤᠯᠬᠤ ᠪᠠᠷ ᠴᠢᠷᠮᠠᠶᠢᠵᠤ᠂ ᠨᠡᠩ ᠦᠷᠭᠡᠨ ᠬᠦᠷᠢᠶ᠎ᠠ᠂ | ᠨᠡᠩ ᠬᠦᠨ ᠭᠡᠮᠵᠢᠶ᠎ᠡ ᠪᠤᠯᠤᠨ ᠨᠡᠩ ᠦᠨᠳᠤᠷ ᠲᠡᠰ ᠲᠠᠪᠬᠤᠷᠭ᠎ᠠ ᠶᠢᠨ ᠨᠦᠬᠦᠷᠰᠡᠭ ᠬᠤᠳᠠ ᠶᠢ ᠪᠠᠶᠢᠭᠤᠯᠬᠤ ᠪᠠᠷ | ᠴᠢᠷᠮᠠᠶᠢᠨ᠎ᠠ᠃ ᠤᠯᠠᠭᠠᠨᠴᠠᠪ— ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ | ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ᠂ ᠪᠡᠭᠡᠵᠢᠩ ᠲᠢᠶᠠᠨᠵᠢᠨ | ᠾᠧᠪᠸᠢ᠂ ᠱᠠᠨ ᠰᠢ ᠱᠠᠨᠳᠦ᠋ᠩ ᠾᠧᠨᠠᠨ᠂ ᠵᠡᠭᠦᠨ ᠬᠤᠶᠢᠲᠤ ᠣᠷᠣᠨ ᠵᠡᠷᠭᠡ ᠣᠷᠣᠨ ᠪᠦᠰᠡ ᠯᠦᠭᠡ ᠶᠢᠨ | ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠡᠮᠦᠷ ᠤᠨ ᠠᠭᠤᠷᠬᠠᠢ᠂ ᠨᠡᠭᠦᠷᠡᠰᠦ᠂ ᠵᠡᠰ ᠤᠨ ᠠᠭᠤᠷᠬᠠᠢ᠂ ᠬᠠᠶᠢᠯᠤᠭᠤᠷ | ᠵᠣᠩᠰᠢ᠂ ᠴᠠᠶᠢᠷ ᠤᠨ ᠠᠭᠤᠷᠬᠠᠢ᠂ ᠴᠠᠭᠠᠰᠤᠨ ᠡᠭᠡᠳᠡᠩ ᠵᠡᠷᠭᠡ ᠠᠵᠤ ᠦᠢᠯᠡᠰ ᠤᠨ ᠬᠡᠯᠬᠢᠶ᠎ᠡ ᠶᠢᠨ ᠦᠢᠯᠡᠴᠢᠯᠡᠭᠡ | ᠪᠠᠲᠤᠯᠠᠭ᠎ᠠ᠂ ᠠᠰᠢᠭ ᠲᠤᠰᠠ ᠶᠢᠨ ᠬᠤᠯᠪᠣᠯᠳᠤᠯ ᠢ ᠰᠠᠶᠢᠲᠤᠷ ᠬᠢᠵᠦ᠂ ᠦᠢᠯᠡᠴᠢᠯᠡᠭᠡᠨ ᠤ ᠬᠡᠪᠴᠢᠶ᠎ᠡ ᠪᠠᠨ ᠳᠤᠮᠳᠠᠳᠤ | ᠣᠷᠣᠨ ᠵᠢᠴᠢ ᠳᠠᠯᠠᠢ ᠳᠠᠭᠠᠤ ᠮᠥᠷᠡᠨ ᠳᠠᠭᠠᠤ ᠶᠢᠨ ᠭᠠᠵᠠᠷ ᠣᠷᠣᠨ ᠲᠡᠶᠢᠰᠢ ᠥᠷᠭᠡᠳᠬᠡᠬᠦ ᠶᠢ ᠲᠦᠷᠭᠡᠳᠬᠡᠵᠦ᠂ | ᠴᠡᠭ ᠢᠶᠠᠷ ᠬᠠᠪᠳᠠᠭᠠᠢ ᠶᠢ ᠳᠠᠶᠢᠴᠢᠯᠠᠨ ᠮᠣᠩᠭᠤᠯ ᠤᠷᠤᠰ ᠲᠠᠢ ᠬᠤᠯᠪᠣᠯᠳᠤᠭᠤᠯᠤᠭᠰᠠᠨ᠂ ᠡᠸᠦ᠋ᠷᠦᠫᠡ ᠲᠢᠪ ᠢ | ᠨᠥᠯᠥᠭᠡᠯᠡᠭᠰᠡᠨ᠂ ᠳᠣᠲᠣᠭᠠᠳᠤ ᠳᠠᠭᠠᠨ ᠳᠣᠲᠣᠷ᠎ᠠ ᠭᠠᠵᠠᠷ ᠯᠤᠭ᠎ᠠ ᠬᠤᠯᠪᠣᠭᠰᠠᠨ ᠬᠤᠣᠰ ᠡᠷᠭᠢᠯᠲᠡ ᠶᠢᠨ ᠪᠠᠶᠢᠷᠢᠰᠢᠯ ᠢ | ᠪᠤᠢ ᠪᠣᠯᠭᠠᠨ᠎ᠠ᠃ | ︵ᠬᠤᠶᠠᠷ︶ ᠬᠥᠭᠵᠢᠯᠲᠡ ᠶᠢᠨ ᠳᠠᠪᠠᠭᠤᠯᠢᠭ ᠢ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠦᠯ | ᠵᠦᠢᠯ ᠤᠨ ᠪᠡᠯᠡ ᠣᠷᠣᠭᠤᠯᠤᠯᠲᠠ ᠶᠢ ᠬᠦᠴᠦᠯᠡᠨ ᠪᠣᠳᠠᠲᠠᠶᠢᠵᠢᠭᠤᠯᠵᠤ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ | ᠲᠥᠷᠥᠯ ᠵᠦᠢᠯ ᠢᠶᠠᠷ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠢ ᠪᠠᠬᠢᠵᠢᠭᠦᠯᠦᠨ᠎ᠡ᠃ ᠲᠥᠷᠥᠯ ᠵᠦᠢᠯ ᠢᠶᠠᠷ | ᠬᠥᠲᠥᠯᠪᠦᠷᠢ ᠪᠣᠯᠭᠠᠬᠤ ᠶᠢ ᠪᠠᠷᠢᠮᠲᠠᠯᠠᠵᠤ᠂ ︽ᠲᠥᠷᠥᠯ ᠵᠦᠢᠯ ᠢ ᠶᠡᠭᠡ ᠪᠠᠷ ᠠᠳᠬᠤᠵᠤ᠂ ᠲᠣᠮᠣ ᠲᠥᠷᠥᠯ ᠵᠦᠢᠯ ᠢ | ᠠᠳᠬᠤᠬᠤ︾ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ︽ᠲᠥᠷᠥᠯ ᠵᠦᠢᠯ ᠤᠨ ᠪᠣᠭᠤᠮᠳᠠ | ᠰᠢᠪᠲᠤᠯᠬᠤ ᠣᠨ︾ ᠤ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠶ᠂ ᠥᠨᠳᠥᠷ ᠦᠷ᠎ᠡ | ᠪᠦᠲᠦᠮᠵᠢᠲᠡᠶ ᠪᠠᠷ ᠥᠷᠨᠢᠭᠦᠯᠵᠦ᠂ 192 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠬᠢᠵᠣ 91 | ᠳᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠵᠢᠯ | ᠤᠨ ᠳᠣᠳᠣᠷ᠎ᠠ ᠪᠦᠷᠢᠳᠬᠡᠯ ᠳᠤ ᠣᠷᠣᠭᠤᠯᠣᠭᠰᠠᠨ ᠪᠡᠯᠡ ᠣᠷᠣᠭᠤᠯᠤᠯᠲᠠ ᠶᠢᠨ ᠦᠷᠳᠡᠭ ᠢ 42 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠠᠶᠢᠬᠤ ᠶᠢ ᠪᠡᠶᠡᠯᠡᠭᠦᠯᠦᠨ᠎ᠡ᠃ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠢᠴᠢ ᠤᠯᠤᠰ ᠤᠨ ᠡᠯ᠎ᠡ ᠶᠠᠮᠤᠨ ᠵᠥᠪᠯᠡᠯ ᠤᠨ | ᠢᠵᠢ ᠪᠦᠷᠢᠳᠦᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠰᠠᠶᠢᠲᠤᠷ ᠬᠡᠷᠡᠭᠯᠡᠵᠦ᠂ ᠲᠥᠪ ᠤᠨ | ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠵᠢᠭᠡᠯᠡᠯᠭᠡ ᠶᠢᠨ ᠲᠡᠮᠳᠡᠭᠲᠦ᠂ ᠲᠥᠷᠥ ᠶᠢᠨ ᠪᠣᠳᠣᠯᠭ᠎ᠠ ᠶᠢᠨ | ᠴᠢᠨᠠᠷᠲᠠᠶ ᠮᠥᠩᠭᠦᠨ ᠭᠦᠢᠯᠭᠡᠭᠡ ᠵᠡᠷᠭᠡ ᠪᠠᠯᠠ ᠮᠥᠩᠭᠦ ᠶᠢᠨ ᠳᠡᠮᠵᠢᠯᠭᠡ ᠶᠢᠨ ᠬᠦᠷᠢᠶ᠎ᠡ ᠪᠠ ᠪᠡᠯᠡ ᠣᠷᠣᠭᠤᠯᠤᠯᠲᠠ ᠶᠢᠨ | ᠬᠠᠨᠳᠤᠰᠢ ᠶᠢ ᠴᠢᠩᠭ᠎ᠠ ᠠᠩᠬᠠᠷᠴᠤ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠲᠠᠰ | ᠳᠡᠪᠰᠢᠬᠦ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠦᠢᠯᠡᠰ ᠠᠷᠠᠳ ᠤᠨ ᠠᠮᠢᠳᠤᠷᠠᠯ᠂ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠶᠢᠨ ᠲᠣᠭᠤᠷᠢᠨ ᠳᠤ ᠨᠢᠭᠡ ᠪᠦᠯᠦᠭ ᠲᠥᠷᠥᠯ | ᠵᠦᠢᠯ ᠤᠯᠤᠰ᠂ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ | | ᠠᠷᠠᠯᠵᠢᠶᠠᠴᠢᠨ ᠤᠷᠢᠬᠤ ᠪᠠᠷ ᠬᠥᠭᠵᠢᠯᠲᠡ ᠶᠢᠨ ᠬᠦᠴᠦᠷᠬᠡᠭ ᠬᠥᠳᠡᠯᠭᠡᠭᠦᠷ ᠢ ᠢᠳᠡᠪᠬᠢᠵᠢᠭᠦᠯᠦᠨ᠎ᠡ᠃ | ᠠᠷᠠᠯᠵᠢᠶᠠᠴᠢᠨ ᠤᠷᠢᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠬᠤᠶᠠᠷ ᠵᠢᠷᠤᠭ ᠬᠤᠶᠠᠷ ᠬᠦᠰᠦᠨᠦᠭᠲᠦ ᠬᠤᠶᠠᠷ | ᠬᠥᠮᠥᠷᠭᠡ ᠬᠤᠶᠠᠷ ᠵᠠᠳᠠᠯᠤᠯᠲᠠ︾ ᠶᠢ ᠬᠡᠷᠡᠭᠵᠢᠭᠦᠯᠦᠨ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠵᠦ᠂ ᠠᠵᠤ | ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠬᠡᠰᠡᠭ᠂ ᠳᠤᠲᠠᠭᠳᠠᠵᠤ ᠪᠠᠶᠢᠭ᠎ᠠ ᠭᠤᠭᠴᠤᠭ᠎ᠠ ᠳᠤ ᠴᠢᠭᠯᠡᠭᠦᠯᠦᠨ᠂ | ᠠᠵᠣ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠥᠷᠢᠯᠡᠵᠦ ᠬᠦᠴᠦᠷᠬᠡᠭᠵᠢᠭᠦᠯᠦᠨ ᠠᠷᠠᠯᠵᠢᠶᠠᠴᠢᠨ ᠤᠷᠢᠬᠤ ᠶᠢ | ᠦᠷᠭᠦᠯᠵᠢᠯᠡᠨ ᠥᠷᠨᠢᠭᠦᠯᠵᠦ᠂ ᠪᠡᠯᠡ ᠣᠷᠣᠭᠤᠯᠤᠯᠲᠠ ᠶᠢᠨ ᠡᠷᠴᠢᠮ ᠢᠶᠠᠷ ᠥᠨᠳᠥᠷ᠂ ᠭᠠᠷᠭᠠᠯᠲᠠ ᠶᠢᠨ ᠦᠷ᠎ᠡ | ᠠᠰᠢᠭ ᠢᠶᠠᠷ ᠥᠨᠳᠥᠷ᠂ ᠠᠵᠤ ᠦᠢᠯᠡᠰ ᠤᠨ ᠬᠤᠯᠪᠤᠯᠳᠣᠯ ᠢᠶᠠᠷ ᠥᠨᠳᠥᠷ ᠨᠢᠭᠡ ᠪᠦᠯᠦᠭ ᠲᠣᠮᠣ ᠲᠥᠷᠥᠯ ᠵᠦᠢᠯ᠂ | ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠡᠯᠡ | ᠣᠷᠣᠭᠤᠯᠬᠤ᠂ ᠲᠦᠷᠦᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ︽ᠭᠠᠳᠠᠭᠰᠢ ᠭᠠᠷᠴᠤ᠂ ᠤᠷᠢᠵᠤ ᠠᠪᠴᠢᠷᠠᠬᠤ︾ ᠶᠢ ᠦᠷᠭᠦᠯᠵᠢᠯᠡᠨ ᠴᠢᠩᠭᠠᠳᠬᠠᠵᠤ᠂ ᠪᠦᠬᠦ | ᠶᠠᠪᠤᠴᠠ ᠶᠢᠨ ᠦᠢᠯᠡᠴᠢᠯᠡᠭᠡ᠂ ᠪᠦᠬᠦ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠠᠨᠠᠭᠠᠴᠢᠯᠠᠭ᠎ᠠ ᠲᠠᠢ ᠲᠦᠷᠦᠯ | ᠵᠦᠢᠯ ᠢ ᠲᠦᠷᠭᠡᠨ ᠭᠡᠷ᠎ᠡ ᠲᠤᠭᠲᠠᠬᠤ᠂ ᠨᠢᠭᠡᠨᠲᠡ ᠭᠡᠷ᠎ᠡ ᠲᠣᠭᠲᠠᠭᠰᠠᠨ ᠲᠦᠷᠦᠯ ᠵᠦᠢᠯ ᠢ ᠲᠦᠷᠭᠡᠨ | ᠨᠠᠶᠢᠳᠠᠪᠤᠷᠢᠵᠢᠭᠤᠯᠬᠤ᠂ ᠨᠢᠭᠡᠨᠲᠡ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠢ ᠲᠦᠷᠭᠡᠨ ᠠᠵᠢᠯ ᠡᠬᠢᠯᠡᠭᠦᠯᠬᠦ ᠶᠢ | ᠠᠬᠢᠭᠤᠯᠵᠤ᠂ ᠨᠢᠭᠡ ᠪᠦᠯᠦᠭ ᠢ ᠵᠥᠪᠳᠡᠯᠴᠡᠨ ᠶᠠᠷᠢᠯᠴᠠᠬᠤ ᠪᠠᠷ ᠳᠠᠮᠵᠢᠨ ᠠᠬᠢᠭᠤᠯᠵᠤ᠂ ᠨᠢᠭᠡ ᠪᠦᠯᠦᠭ ᠢ ᠭᠡᠷ᠎ᠡ | ᠳᠣᠭᠳᠠᠭᠠᠨ ᠪᠣᠳᠠᠳᠠᠶᠢᠵᠢᠭᠤᠯᠵᠣ᠂ ᠨᠢᠭᠡ ᠪᠦᠯᠦᠭ ᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠨᠢᠭᠡ ᠪᠦᠯᠦᠭ ᠢ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢ ᠴᠢᠷᠮᠠᠶᠢᠨ ᠪᠡᠶᠡᠯᠡᠭᠦᠯᠦᠨ᠎ᠡ᠃ ᠵᠢᠯ ᠤᠨ ᠳᠣᠲᠣᠷ᠎ᠠ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢ ᠵᠠᠷᠣᠴᠠᠭᠤᠯᠵᠣ᠂ | 30% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠦᠢᠯᠡᠴᠢᠯᠡᠭᠡ ᠪᠠᠷ ᠬᠦᠭᠵᠢᠯᠳᠡ ᠶᠢᠨ ᠬᠦᠳᠡᠯᠭᠡᠬᠦ ᠬᠦᠴᠦᠨ ᠤ ᠡᠬᠢ ᠰᠤᠷᠪᠤᠯᠵᠢ ᠶᠢ ᠰᠢᠯᠢᠳᠡᠭᠵᠢᠭᠦᠯᠦᠨ᠎ᠡ᠃ | ᠦᠢᠯᠡᠴᠢᠯᠡᠭᠡ ᠶᠢ ᠳᠡᠭᠡᠳᠦᠯᠡᠬᠦ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠬᠡᠨ ᠤ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠳᠥᠷᠪᠡ ᠶᠢ ᠭᠦᠢᠴᠡᠳᠭᠡᠬᠦ︾ ᠶᠢᠨ ᠦᠷ᠎ᠡ ᠪᠦᠲᠦᠮᠵᠢ ᠶᠢ ᠳᠠᠬᠢᠨᠳᠠ | ᠳᠡᠭᠡᠭᠰᠢᠯᠡᠭᠦᠯᠬᠦ ᠶᠢ ᠬᠦᠴᠦᠲᠡᠶ ᠠᠬᠢᠭᠤᠯᠵᠤ᠂ ᠠᠵᠤ ᠠᠬᠤᠶᠢᠯᠠᠯ ᠢ ᠨᠡᠭᠡᠭᠡᠨ ᠡᠷᠭᠢᠯᠡᠬᠦ᠂ ᠥᠯᠥ ᠬᠥᠳᠡᠯᠬᠦ | ᠬᠥᠷᠥᠩᠭᠡ ᠶᠢ ᠳᠡᠩᠰᠡᠯᠡᠨ ᠲᠡᠮᠳᠡᠭᠯᠡᠬᠦ᠂ ᠤᠰᠤ ᠴᠠᠬᠢᠯᠭᠠᠨ ᠬᠤᠳᠠᠯᠳᠣᠨ ᠠᠪᠬᠤ᠂ ᠪᠥᠬᠦ ᠣᠷᠣᠨ ᠳᠤ ᠨᠡᠶᠢᠳᠡᠮ | ᠭᠦᠢᠴᠡᠳᠭᠡᠬᠦ ᠵᠡᠷᠭᠡ ᠵᠦᠢᠯᠡᠰ ᠲᠤ ᠲᠥᠬᠦᠮ ᠦᠵᠡᠭᠦᠯᠬᠦ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︽ | 12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ | ᠤᠲᠠᠰᠤ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ | ᠲᠤᠬᠠᠶ ᠳᠤᠨᠢ ᠬᠠᠷᠢᠭᠤᠯᠲᠠ ᠥᠭᠴᠦ᠂ ᠲᠣᠬᠢᠲᠠᠶ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ᠃ ︽ᠲᠠᠪᠤ ᠶᠢ | ᠲᠦᠢᠯᠪᠤᠷᠢᠲᠠᠢ ᠰᠢᠢᠳᠪᠦᠷᠢᠯᠡᠬᠦ︾ ᠦᠷ᠎ᠡ ᠪᠦᠲᠦᠭᠡᠯ ᠢ ᠪᠠᠬᠢᠵᠢᠭᠦᠯᠵᠦ᠂ ᠰᠤᠯᠠ ᠳᠠᠯᠪᠢᠭᠳᠠᠵᠣ ᠪᠠᠶᠢᠭ᠎ᠠ ᠭᠠᠵᠠᠷ | ᠰᠢᠷᠣᠶ ᠶᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠴᠢᠨᠠᠷ ᠰᠠᠶᠢᠲᠠᠶ ᠲᠥᠷᠥᠯ ᠵᠦᠢᠯ ᠢ | ᠨᠠᠶᠢᠳᠠᠪᠤᠷᠢᠵᠢᠭᠤᠯᠬᠤ ᠳᠤ ᠣᠷᠣᠨ ᠵᠠᠶ ᠭᠠᠷᠭᠠᠵᠤ ᠥᠭᠬᠦ ᠬᠡᠷᠡᠭᠲᠡᠶ᠃ ᠪᠣᠭᠤᠮᠲᠠ ᠶᠢᠨ ᠬᠤᠯᠪᠣᠭᠠᠯᠠᠨ ᠪᠠᠶᠢᠴᠠᠭᠠᠵᠤ | ᠬᠤᠯᠪᠣᠭᠠᠯᠠᠨ ᠲᠡᠭᠡᠭᠡᠪᠦᠷᠢᠯᠡᠬᠦ ᠨᠢᠭᠡᠴᠡ ᠯᠦᠭᠡ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠷᠠᠭᠤᠯᠵᠤ᠂ ︽ | ᠭᠠᠶᠢᠯᠢ ᠶᠢ ᠬᠤᠷᠢᠶᠠᠩᠭᠤᠶᠢᠯᠠᠨ ᠳᠠᠳᠠᠪᠣᠷᠢᠯᠠᠬᠤ+ᠬᠤᠶᠠᠷ ᠠᠯᠬᠤᠮ ᠢᠶᠠᠷ ᠭᠤᠶᠣᠴᠢᠯᠠᠨ ᠮᠡᠳᠡᠭᠦᠯᠬᠦ︾ ᠵᠡᠷᠭᠡ | ᠪᠣᠭᠤᠮᠲᠠ ᠪᠠᠷ ᠳᠥᠭᠦᠮ ᠳᠥᠲᠡ ᠥᠩᠭᠡᠷᠡᠬᠦ ᠬᠡᠯᠪᠡᠷᠢ ᠶᠢ ᠦᠷᠭᠦᠯᠵᠢᠯᠡᠨ ᠥᠷᠭᠡᠳᠬᠡᠵᠦ᠂ ᠪᠣᠭᠤᠮᠲᠠ ᠶᠢᠨ | ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠲᠦᠷᠢᠮᠵᠢᠭᠦᠯᠦᠨ᠂ ᠪᠠᠷᠠᠭᠠᠨ ᠤ | ᠪᠣᠭᠤᠮᠲᠠ ᠨᠡᠪᠳᠡᠷᠡᠯᠳᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠦᠨᠡᠨᠴᠢ ᠢᠲᠡᠭᠡᠮᠵᠢᠲᠡᠶ ᠵᠠᠰᠠᠭ ᠤᠨ | ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠡᠯ᠎ᠡ ᠱᠠᠲᠤᠨ ᠤ ᠠᠵᠤ ᠠᠬᠤᠶᠢᠯᠠᠯ ᠳᠤ | ᠬᠠᠷᠠᠭᠠᠯᠵᠠᠯ ᠦᠵᠡᠭᠦᠯᠦᠨ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠬᠵᠢᠭᠤᠯᠵᠤ᠂ | ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠦᠨ᠂ ᠭᠠᠵᠠᠷ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠪᠠᠯᠠ | ᠲᠣᠬᠢᠷᠠᠭᠤᠯᠬᠤ ᠵᠡᠷᠭᠡ ᠬᠦᠴᠦᠨ ᠵᠦᠢᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ | ᠬᠥᠭᠵᠢᠯᠲᠡ ᠳᠤ ᠦᠷᠭᠦᠯᠵᠢᠯᠡᠨ ︽ᠴᠢᠰᠤ ᠶᠡᠭᠦᠯᠡᠵᠦ ᠬᠦᠴᠢᠯᠲᠥ᠋ᠷᠥᠭᠴᠢ ᠬᠠᠩᠭᠠᠬᠤ︾ ᠪᠠ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠢ ᠬᠥᠭᠵᠢᠭᠡᠨ᠎ᠡ᠃ ᠰᠢᠨ᠎ᠡ ᠨᠢᠭᠡ | ᠡᠭᠡᠯᠵᠢ ᠶᠢᠨ ᠤᠯᠤᠰ ᠤᠨ ᠦᠮᠴᠢᠯᠡᠯᠳᠣ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠡᠷᠢᠶᠡᠨ ᠬᠤᠳᠠ ᠶᠢᠨ ᠠᠷᠠᠯᠵᠢᠶ᠎ᠠ ᠶᠢ ᠬᠦᠭᠵᠢᠭᠦᠯᠬᠦ | ᠪᠦᠯᠦᠭᠯᠡᠯ ᠢ ᠵᠣᠬᠢᠶᠠᠨ ᠪᠠᠶᠢᠭᠤᠯᠵᠤ᠂ ᠤᠯᠤᠰ ᠤᠨ ᠦᠮᠴᠢᠯᠡᠯᠳᠣ ᠬᠥᠷᠥᠩᠭᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠨ᠂ ᠣᠳᠣᠬᠢᠴᠢᠯᠠᠭᠰᠠᠨ ᠺᠣᠮᠫᠠᠨᠢ ᠶᠢᠨ ᠴᠡᠭᠴᠡᠯᠡᠯᠳᠡ ᠶᠢ ᠲᠡᠭᠦᠯᠳᠡᠷᠵᠢᠭᠦᠯᠵᠦ᠂ ᠤᠯᠤᠰ ᠤᠨ | ᠦᠮᠴᠢᠯᠡᠯᠳᠣ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠂ ᠤᠯᠤᠰ ᠤᠨ | ᠦᠮᠴᠢᠯᠡᠯᠳᠣ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ | ︵ᠭᠤᠷᠪᠠ︶ ᠳᠠᠪᠠᠭᠤᠯᠢᠭ ᠣᠨᠴᠠᠯᠢᠭᠳᠣ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠪᠣᠭᠤᠮᠲᠠ+︾ | ᠠᠵᠤ ᠦᠢᠯᠡᠰ ᠤᠨ ᠬᠡᠯᠬᠢᠶ᠎ᠡ ᠶᠢ ᠬᠦᠴᠦ ᠳᠠᠯᠪᠢᠨ ᠪᠠᠬᠢᠵᠢᠭᠦᠯᠦᠨ ᠬᠦᠭᠵᠢᠬᠦᠯᠦᠨ᠎ᠡ | ᠣᠯᠠᠨ ᠤᠯᠤᠰ ᠤᠨ ᠠᠷᠠᠯᠵᠢᠶ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠶᠠᠰᠤ ᠴᠢᠨᠠᠷ ᠢ | ᠳᠡᠭᠡᠭᠰᠢᠯᠡᠭᠦᠯᠦᠨ ᠳᠡᠰ ᠳᠡᠪᠰᠢᠬᠦᠯᠦᠨ᠎ᠡ᠃ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ | ᠠᠷᠭ᠎ᠠ ᠪᠣᠳᠣᠯᠭ᠎ᠠ ᠶᠢ ᠨᠡᠶᠢᠲᠡᠯᠡᠵᠦ᠂ ︽ᠲᠡᠮᠦᠷ ᠵᠠᠮ ᠠᠴᠠ ᠵᠠᠰᠠᠮᠠᠯ ᠵᠠᠮ ᠳᠡᠰᠢ ᠰᠢᠯᠵᠢᠬᠦ︾ ᠳᠠᠯᠳᠠ ᠬᠦᠴᠦᠨ ᠢ | ᠬᠦᠢᠴᠡᠳ ᠠᠭᠤᠳᠠᠯᠯᠠᠵᠣ᠂ ᠵᠠᠰᠠᠮᠠᠯ ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠶᠡᠭᠡ ᠪᠠᠷ | ᠨᠡᠮᠡᠭᠳᠡᠭᠦᠯᠵᠦ᠂ ᠲᠡᠮᠦᠷ ᠵᠠᠮ ᠤᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ ᠲᠣᠭᠲᠠᠭᠤᠨ ᠢᠶᠠᠷ | ᠨᠡᠮᠡᠭᠳᠡᠭᠦᠯᠬᠦ ᠶᠢ ᠲᠦᠯᠬᠢᠨ ᠠᠬᠢᠭᠤᠯᠣᠨ᠎ᠠ᠃ ᠤᠯᠠᠮᠵᠢᠯᠠᠯᠲᠤ ᠮᠠᠶ᠋ᠢᠭ ᠤᠨ ᠶᠡᠭᠡ ᠬᠡᠮᠵᠢᠶᠡᠨ ᠤ ᠪᠠᠷᠠᠭ᠎ᠠ ᠶᠢ | ᠭᠠᠳᠠᠭᠠᠳᠤ ᠠᠴᠠ ᠣᠷᠣᠭᠤᠯᠬᠤ ᠳᠠᠯᠳᠠ ᠬᠦᠴᠦᠨ ᠢ ᠪᠠᠬᠢᠵᠢᠭᠦᠯᠦᠨ ᠠᠭᠤᠳᠠᠯᠯᠠᠵᠣ᠂ ᠰᠢᠩᠭᠡᠨᠵᠢᠮᠡᠯ ᠴᠢᠯᠠᠭᠤᠨ | ᠲᠣᠰᠣᠨ ᠤ ᠬᠡᠢ ᠶᠢ ᠭᠠᠳᠠᠭᠠᠳᠤ ᠠᠴᠠ ᠣᠷᠣᠭᠤᠯᠬᠤ ᠶᠢ ᠳᠣᠭᠳᠠᠪᠣᠷᠢᠳᠠᠢ ᠠᠬᠢᠭᠤᠯᠵᠦ᠂ ᠠᠶᠤᠯᠲᠠᠶ ᠬᠢᠮᠢ ᠶᠢᠨ | ᠪᠣᠳᠠᠰ ᠵᠢᠴᠢ ᠠᠷᠠᠳ ᠤᠨ ᠬᠡᠷᠡᠭᠯᠡᠭᠡᠨ ᠤ ᠳᠡᠯᠪᠡᠷᠡᠬᠦ ᠪᠣᠳᠠᠰ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ | ᠳᠠᠮᠵᠢᠭᠤᠯᠤᠨ ᠲᠡᠭᠡᠭᠡᠪᠦᠷᠢᠯᠡᠬᠦ ᠳᠣᠭᠤᠷᠢᠭ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠣᠨ᠎ᠠ᠃ ᠳᠤᠮᠳᠠᠳᠤ | ᠤᠯᠤᠰ ᠤᠨ ᠲᠠᠸᠠᠷ ᠢ ᠭᠠᠳᠠᠭᠠᠳᠤ ᠳᠤ ᠭᠠᠷᠭᠠᠬᠤ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷ | ᠳᠠᠮᠵᠢᠭᠰᠠᠨ ᠮᠠᠰᠢᠨ ᠳᠡᠷᠭᠡ ᠶᠢ ᠭᠠᠳᠠᠭᠠᠳᠤ ᠳᠤ ᠭᠠᠷᠭᠠᠬᠤ ᠠᠷᠠᠯᠵᠢᠶᠠᠨ ᠤ ᠵᠠᠬ᠎ᠠ ᠳᠡᠯᠭᠡᠭᠦᠷ᠂ ᠬᠤᠤ ᠭᠠᠩ ᠬᠠᠭᠠᠰ | ᠪᠣᠯᠪᠠᠰᠣᠷᠠᠭᠰᠠᠨ ᠪᠦᠳᠦᠭᠡᠭᠳᠡᠬᠦᠨ ᠤ ᠣᠷᠢᠳᠡᠬᠢ ᠬᠤᠭᠤᠴᠠᠭᠠᠨ ᠤ ᠡᠳ᠋ᠰᠢᠬᠦᠯᠭᠡ᠂ ᠡᠷᠢᠶᠡᠨ ᠬᠤᠲᠠ ᠠᠴᠠ ᠮᠣᠩᠭᠤᠯ | ᠤᠯᠤᠰ ᠲᠤ ᠭᠠᠷᠭᠠᠬᠤ ᠲᠠᠸᠠᠷ ᠤᠨ ᠭᠠᠳᠠᠭᠠᠳᠤ ᠳᠠᠬᠢ ᠬᠥᠮᠥᠷᠭᠡ ᠵᠡᠷᠭᠡ ᠲᠥᠷᠥᠯ ᠵᠦᠢᠯ ᠢ ᠲᠦᠷᠭᠡᠳᠬᠡᠨ | ᠬᠡᠷᠡᠭᠵᠢᠭᠦᠯᠵᠦ᠂ ᠮᠠᠰᠢᠨ ᠮᠧᠬᠠᠨᠢᠭ ᠪᠠ ᠲᠡᠭᠡᠭᠡᠪᠦᠷᠢ ᠶᠢᠨ ᠲᠥᠬᠦᠭᠡᠷᠦᠮᠵᠢ᠂ ᠬᠢᠮᠢ ᠶᠢᠨ ᠪᠦᠲᠦᠭᠡᠭᠳᠡᠬᠦᠨ᠂ | ᠢᠳᠡᠭᠡᠨ ᠤ ᠲᠥᠷᠥᠯ ᠢ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠴᠢᠷᠮᠠᠶᠢᠨ ᠳᠡᠭᠡᠭᠰᠢᠯᠡᠭᠦᠯᠵᠦ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ 2000 ᠲᠦᠮᠡᠨ ᠲᠣᠨ ᠢ | ᠳᠠᠪᠠᠭᠤᠯᠵᠤ᠂ 2200 ᠲᠦᠮᠡᠨ ᠲᠣᠨ ᠳᠤ ᠬᠦᠷᠦᠭᠦᠯᠬᠦ ᠪᠠᠷ ᠴᠢᠷᠮᠠᠶᠢᠨ᠎ᠠ᠃ ︽ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ TIR︾᠂ ︽ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠳᠠᠬᠢ | ᠬᠥᠮᠥᠷᠭᠡ︾ ᠵᠡᠷᠭᠡ ᠰᠢᠨ᠎ᠡ ᠵᠠᠭᠪᠤᠷ ᠢ ᠬᠡᠷᠡᠭᠵᠢᠭᠦᠯᠵᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ | ᠳᠤᠮᠳᠠᠳᠤ ᠡᠸᠦ᠋ᠷᠦᠫᠡ ᠶᠢᠨ ᠵᠠᠰᠠᠮᠠᠯ ᠵᠠᠮ ᠤᠨ ᠠᠴᠢᠶ᠎ᠠ ᠲᠡᠭᠡᠭᠡᠪᠦᠷᠢ᠂ ᠰᠦᠯᠵᠢᠶᠡᠨ ᠳᠡᠭᠡᠷᠡᠬᠢ ᠪᠠᠷᠠᠭ᠎ᠠ ᠳᠡᠭᠡᠭᠡᠪᠦᠷᠢ | ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ᠂ ᠤᠯᠤᠰ ᠤᠨ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ ᠤᠨ ᠵᠦᠪᠰᠢᠶᠡᠷᠡᠯ ᠣᠯᠬᠤ ᠪᠠᠷ | ᠬᠦᠭᠡᠭᠡᠴᠡᠯᠳᠦᠨ᠎ᠡ᠃ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠵᠤ᠂ ᠵᠢᠩ ᠴᠧᠨ᠂ ᠷᠦᠢ ᠰᠢᠨ ᠵᠡᠷᠭᠡ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ | ᠳᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠵᠢᠶᠧ ᠰᠧᠨ᠂ ᠬᠤᠤ ᠮᠧᠩ ᠵᠡᠷᠭᠡ | ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ ᠢ ᠪᠠᠶᠢᠭᠤᠯᠤᠨ ᠠᠰᠢᠭᠯᠠᠯᠳᠠ ᠳᠤ ᠣᠷᠣᠭᠤᠯᠬᠤ ᠶᠢ ᠲᠦᠯᠬᠢᠨ | ᠠᠬᠢᠭᠤᠯᠤᠨ᠎ᠠ᠃ | ᠭᠠᠳᠠᠭᠠᠳᠤ ᠠᠴᠠ ᠣᠷᠣᠭᠤᠯᠵᠣ ᠭᠠᠳᠠᠭᠠᠳᠣ ᠳᠤ ᠭᠠᠷᠭᠠᠬᠤ ᠪᠣᠯᠪᠠᠰᠤᠷᠠᠭᠤᠯᠬᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃ ︽ᠮᠢᠩᠭ᠎ᠠ᠂ ᠵᠠᠭᠤ᠂ ᠲᠦᠮᠡᠨ︾ ᠡᠳ᠋ᠰᠢᠭᠦᠯᠬᠦ ᠰᠠᠭᠤᠷᠢᠨ ᠭᠠᠵᠠᠷ ᠢ | ᠲᠦᠷᠭᠡᠳᠬᠡᠨ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠾᠧ ᠵᠢᠦᠢ ᠶᠤᠸᠠᠨ ᠤ 200 ᠲᠦᠮᠡᠨ ᠲᠣᠨ ᠬᠢᠮᠡᠯ | ᠬᠡᠰᠡᠭᠲᠦ ᠠᠭᠤᠷᠬᠠᠢ ᠶᠢᠨ ᠲᠥᠷᠥᠯ ᠵᠦᠢᠯ ᠤᠨ ᠲᠦᠭᠦᠷᠡᠩ ᠠᠴᠢᠶᠠᠯᠠᠯ ᠲᠠᠢ ᠦᠢᠯᠡᠳᠪᠦᠷᠢᠯᠡᠯ ᠢ ᠲᠦᠷᠭᠡᠳᠭᠡᠨ | ᠠᠬᠢᠭᠤᠯᠵᠣ᠂ ᠶᠢᠨ ᠢᠣᠢ ᠶᠢᠨ 500 ᠲᠦᠮᠡᠨ ᠲᠣᠨ᠂ ᠭᠤᠸᠠᠩ ᠰᠢ ᠶᠢᠨ 300 ᠲᠦᠮᠡᠨ ᠲᠣᠨ ᠲᠡᠮᠦᠷ ᠤᠨ | ᠬᠦᠳᠡᠷ ᠢ ᠡᠳ᠋ᠰᠢᠭᠦᠯᠬᠦ ︵ᠨᠢᠭᠡᠳᠦᠭᠡᠷ ᠬᠤᠭᠤᠴᠠᠭ᠎ᠠ︶ ᠶᠢ ᠪᠠᠶᠢᠭᠤᠯᠤᠨ ᠳᠠᠭᠤᠰᠬᠠᠭᠠᠳ ᠠᠰᠢᠭᠯᠠᠯᠲᠠ ᠳᠤ | ᠣᠷᠣᠭᠤᠯᠵᠤ᠂ ᠲᠢᠶᠠᠨ ᠯᠢ ᠶᠤᠸᠠᠨ ᠤ 300 ᠲᠦᠮᠡᠨ ᠲᠣᠨ ᠬᠦᠳᠡᠷ ᠰᠢᠯᠢᠯᠳᠡ᠂ ᠯᠠᠩ ᠮᠢᠶᠣᠣ ᠶᠢᠨ ᠬᠡᠢ | ᠴᠠᠪᠠᠤ ᠶᠢᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠣᠨ᠎ᠠ᠃ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠳᠣᠯᠣᠯᠳᠠ ᠶᠢᠨ ᠢᠨᠵᠧᠨᠧᠷᠢᠩ︾ ᠤᠨ | ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠪᠦᠦ ᠱᠠᠨ᠂ ᠬᠤᠸᠠ ᠽᠧ᠂ ᠫᠧᠩ ᠱᠦᠨ ᠵᠡᠷᠭᠡ | ᠭᠤᠤᠯᠳᠠᠯᠭ᠎ᠠ ᠲᠠᠢ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠬᠦ ᠪᠠ ᠨᠠᠷᠢᠯᠢᠭ ᠭᠦᠨᠵᠡᠭᠡᠶ | ᠡᠳ᠋ᠰᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠲᠦᠪᠡᠭᠳᠡᠯ ᠢ ᠨᠢ ᠰᠢᠢᠳᠪᠦᠷᠢᠯᠡᠨ ᠥᠭᠴᠦ᠂ ᠬᠥ᠋ ᠹᠧᠩ ᠠᠮᠤ ᠲᠣᠰᠣ᠂ ᠾᠥᠢ ᠲᠦᠩ ᠮᠢᠬᠠᠨ ᠤ | ᠲᠥᠷᠥᠯ ᠢ ᠡᠳ᠋ᠰᠢᠭᠦᠯᠬᠦ ᠲᠦᠷᠦᠯ ᠵᠦᠢᠯ ᠢ ᠠᠰᠢᠭᠯᠠᠯᠲᠠ ᠳᠤ ᠣᠷᠣᠭᠤᠯᠵᠤ ᠦᠷ᠎ᠡ ᠠᠰᠢᠭ ᠬᠦᠷᠳᠡᠵᠣ᠂ ᠶᠢᠩ ᠹᠸᠢ | ᠳ᠋ᠢ ᠺᠧ ᠠᠮᠢᠳᠤ ᠬᠤᠨᠢ ᠡᠳ᠋ᠰᠢᠭᠦᠯᠬᠦ ᠠᠵᠤ ᠠᠬᠤᠶᠢᠯᠠᠯ ᠤᠨ ᠳᠦᠭᠦᠷᠡᠩ ᠠᠴᠢᠶᠠᠯᠠᠯ ᠲᠠᠢ ᠦᠢᠯᠡᠳᠪᠦᠷᠢᠯᠡᠯ ᠢ | ᠠᠬᠢᠭᠤᠯᠣᠨ᠎ᠠ᠃ ᠭᠠᠳᠠᠭᠠᠳᠤ ᠳᠤ ᠭᠠᠷᠭᠠᠬᠤ ᠡᠳ᠋ᠰᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠢ ᠶᠤᠸᠠᠨ | ᠬᠤᠭᠤᠯᠠᠶ ᠶᠢᠨ ᠦᠢᠯᠡᠰ ᠤᠨ ᠰᠢᠯ ᠡᠳ᠋ᠰᠢᠭᠦᠯᠬᠦ᠂ ᠭᠤᠸᠠᠩ ᠹᠧᠩ ᠶᠤᠸᠠᠨ ᠵᠢᠪᠡᠷᠡᠬᠦ ᠦᠬᠡᠢ ᠪᠣᠯᠣᠳ᠂ ᠶᠤᠸᠠᠢ ᠶᠠᠩ | ᠲᠦᠩ ᠤᠨ ᠬᠦᠨᠳᠡᠶᠢᠷᠡᠭᠦᠯᠦᠭᠴᠢᠳᠣ ᠬᠦᠩᠬᠡᠨᠴᠠᠭᠠᠨ ᠵᠡᠷᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠵᠣᠬᠢᠴᠠᠭᠤᠯᠣᠯᠳᠠ ᠲᠣᠬᠢᠷᠠᠭᠤᠯᠤᠯᠲᠠ ᠶᠢ | ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠳᠠᠪᠤ ᠠᠴᠠ ᠳᠡᠭᠡᠭᠰᠢᠬᠢ ᠠᠵᠤ | ᠠᠬᠤᠶᠢᠯᠠᠯ︾ ᠢ ᠪᠤᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 12% ᠠᠴᠠ | ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠬᠢᠯᠢ ᠶᠢᠨ ᠰᠣᠶᠣᠯ ᠵᠢᠭᠤᠯᠴᠢᠯᠠᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠰᠠᠭᠤᠷᠢ ᠶᠢ | ᠪᠠᠳᠣᠳᠬᠠᠬᠤ᠂ ᠣᠨᠴᠠᠯᠢᠭ ᠢ ᠳᠣᠪᠣᠶᠢᠯᠭᠠᠬᠤ᠂ ᠨᠠᠷᠠᠲᠤ ᠲᠡᠮᠳᠡᠭᠲᠦ ᠶᠢ ᠡᠭᠦᠳᠬᠦ᠂ ᠬᠦᠮᠦᠰ ᠢ ᠳᠠᠳᠠᠬᠤ ᠶᠢ | ᠪᠠᠷᠢᠮᠲᠠᠯᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠪᠣᠳᠣᠯᠭ᠎ᠠ ᠶᠢ | ᠨᠡᠶᠢᠲᠡᠯᠡᠨ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠤ | ᠵᠥᠪᠰᠢᠶᠡᠷᠡᠯ ᠢ ᠣᠯᠬᠤ ᠪᠠᠷ ᠪᠥᠬᠦ ᠬᠦᠴᠦᠨ ᠢᠶᠠᠷ ᠢᠶᠠᠨ ᠬᠦᠭᠡᠭᠡᠴᠡᠯᠳᠦᠵᠦ᠂ ᠳᠤᠮᠳᠠᠳᠤ ᠮᠣᠩᠭᠤᠯ ᠤᠨ ᠬᠢᠯᠢ | ᠠᠯᠤᠰᠯᠠᠭᠰᠠᠨ ᠵᠢᠭᠤᠯᠴᠢᠯᠠᠯ ᠤᠨ ᠦᠨᠡᠮᠯᠡᠯ ᠢ ᠬᠡᠷᠡᠭᠯᠡᠬᠦ ᠶᠢ ᠬᠦᠴᠦᠯᠡᠨ ᠠᠬᠢᠭᠤᠯᠤᠨ᠎ᠠ᠃ ᠬᠢᠯᠢ ᠠᠯᠣᠰᠯᠠᠭᠰᠠᠨ | ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠬᠤᠪᠢ ᠶᠢᠨ ᠮᠠᠰᠢᠨ ᠢᠶᠠᠷ ᠵᠢᠭᠤᠯᠴᠢᠯᠠᠬᠤ ᠱᠤᠭᠤᠮ ᠢ | ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠣᠭᠤᠮᠳᠠ ᠶᠢᠨ ᠵᠢᠭᠤᠯᠴᠢᠯᠠᠯ ᠢ ᠨᠡᠩ ᠬᠦᠷ ᠬᠦᠭᠵᠢᠶᠡᠨ ᠲᠠᠢ | ᠪᠣᠯᠭᠠᠨ᠎ᠠ᠃ ᠤᠮᠠᠷᠠᠲᠤ ᠬᠢᠯᠢ ᠶᠢᠨ ᠡᠭᠦᠳᠡ᠂ ᠴᠠᠢ ᠶᠢᠨ ᠵᠠᠮ ᠤᠨ ᠥᠷᠲᠡᠭᠡ᠂ ᠠᠪᠤᠷᠭᠤ ᠭᠦᠷᠪᠡᠯ ᠤᠨ ᠦᠯᠦᠬᠡᠢ | ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠣᠳᠠᠳᠦ ᠠᠬᠤᠢ ᠳᠤ ᠰᠠᠭᠤᠷᠢᠯᠠᠭᠰᠠᠨ ᠪᠡᠶᠡᠴᠢᠯᠡᠨ | ᠳᠠᠨᠢᠯᠴᠠᠬᠤ ᠲᠥᠷᠥᠯ ᠵᠦᠢᠯ ᠢ ᠠᠭᠤᠳᠠᠯᠯᠠᠨ ᠪᠣᠢ ᠪᠣᠯᠭᠠᠵᠣ᠂ ᠬᠥᠮᠦᠰ ᠤᠨ ᠠᠩᠬᠠᠷᠤᠯ ᠢ ᠲᠠᠲᠠᠵᠤ᠂ ᠰᠡᠳᠬᠢᠯ ᠢ | ᠬᠤᠷᠭᠤᠭᠳᠠᠭᠤᠯᠣᠨᠠ᠃ ᠰᠣᠶᠣᠯ ᠲᠠᠮᠢᠷ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢ ᠳᠡᠰ ᠳᠡᠪᠰᠢᠬᠦᠯᠬᠦ ᠢᠨᠵᠧᠨᠧᠷᠢᠩ ᠢ | ᠬᠡᠷᠡᠭᠵᠢᠭᠦᠯᠵᠦ᠂ ᠯᠦᠩ ᠶᠤᠸᠠᠨ᠂ ᠭᠦᠸᠧ ᠬᠤᠤ ᠵᠣᠴᠢᠳ ᠤᠨ ᠪᠠᠭᠤᠳᠠᠯ ᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ︽ᠲᠦᠮᠡᠨ ᠭᠠᠵᠠᠷ ᠤᠨ ᠴᠠᠢ ᠶᠢᠨ ᠵᠠᠮ︾ ᠤᠨ ᠬᠤᠲᠠ ᠶᠢᠨ ᠬᠠᠮᠲᠤᠷᠠᠯᠴᠠᠭᠠᠨ ᠤ | ᠶᠡᠭᠡ ᠬᠤᠷᠠᠯ᠂ ᠰᠣᠶᠣᠯ ᠵᠢᠭᠤᠯᠴᠢᠯᠠᠯ ᠤᠨ ᠨᠠᠶᠢᠷ ᠵᠡᠷᠭᠡ ᠰᠢᠷᠢᠰ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ | ᠪᠠᠶᠢᠭᠤᠯᠵᠤ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠡᠷᠢᠶᠡᠨ ᠬᠤᠲᠠ ᠶᠢᠨ ᠰᠣᠶᠣᠯ ᠵᠢᠭᠤᠯᠴᠢᠯᠠᠯ ᠤᠨ | ᠨᠠᠷᠠᠲᠤ ᠲᠡᠮᠳᠡᠭᠲᠦ ᠶᠢ ᠲᠦᠷᠭᠡᠳᠬᠡᠨ ᠪᠣᠶ ᠪᠣᠯᠭᠠᠨ᠎ᠠ᠃ ︽ᠳᠤᠮᠳᠠᠳᠤ ᠤᠯᠤᠰ ᠤᠨ ᠠᠳᠤᠭᠤᠨ ᠤ ᠬᠤᠳᠠ︾ ᠶᠢ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠶᠢᠨᠠᠨ ᠤ ᠯᠢᠩ ᠱᠦᠢ ᠵᠡᠷᠭᠡ ᠭᠠᠵᠠᠷ ᠣᠷᠣᠨ ᠲᠠᠢ ᠮᠣᠷᠢᠨ | ᠮᠡᠷᠭᠡᠵᠢᠯ ᠤᠨ ᠲᠣᠭᠯᠠᠯᠲᠠ ᠶᠢᠨ ᠤᠷᠠᠯᠢᠭ ᠤᠨ ᠬᠠᠮᠲᠤᠷᠠᠯᠴᠠᠭ᠎ᠠ ᠪᠠᠨ ᠥᠷᠭᠡᠳᠬᠡᠵᠦ᠂ ᠮᠣᠷᠢ ᠶᠢ ᠭᠠᠳᠠᠭᠠᠳᠤ ᠠᠴᠠ | ᠣᠷᠣᠭᠤᠯᠬᠤ᠂ ᠠᠷᠠᠯᠵᠢᠶᠠᠯᠠᠬᠤ᠂ ᠣᠷᠣᠯᠳᠣᠭᠠᠨ ᠶᠠᠪᠣᠭᠳᠠᠭᠤᠯᠬᠤ᠂ ᠠᠶᠠᠯᠠᠯ ᠵᠢᠭᠤᠯᠴᠢᠯᠠᠯ ᠳᠤ ᠵᠣᠷᠢᠭᠤᠯᠬᠤ ᠵᠡᠷᠭᠡ | ᠳᠠᠯ᠎ᠠ ᠪᠠᠷ ᠰᠠᠶᠢᠳᠣᠷ ᠬᠢᠨ᠎ᠡ᠃ ᠰᠢᠯᠢ ᠶᠢᠨ ᠭᠤᠣᠯ ᠠᠶᠢᠮᠠᠭ ᠤᠨ ᠮᠣᠩᠭᠤᠯ ᠮᠣᠷᠢᠨ ᠤ ᠬᠤᠯᠪᠣᠭᠠᠲᠤ | ᠤᠷᠤᠯᠳᠤᠭᠠᠨ ᠤ ᠡᠷᠢᠶᠡᠨ ᠬᠤᠳᠠ ᠳᠠᠬᠢ ᠬᠤᠪᠢᠶᠠᠷᠢ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ᠬᠤᠲᠠ ᠶᠢᠨ | ᠮᠠᠷᠠᠽᠤᠨ ᠤ ᠤᠷᠤᠯᠳᠤᠭᠠᠨ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠣᠷᠣᠰ ᠤᠨ ᠮᠣᠩᠭᠤᠯ ᠮᠣᠷᠢᠨ ᠤ | ᠬᠤᠯᠪᠣᠭᠠᠲᠤ ᠤᠷᠤᠯᠳᠤᠭᠠᠨ᠂ ᠳᠤᠮᠳᠠᠳᠤ ᠮᠣᠩᠭᠤᠯ ᠣᠷᠣᠰ ᠤᠨ ᠨᠠᠭᠠᠳᠤᠮ ᠵᠡᠷᠭᠡ ᠰᠢᠷᠢᠰ ᠤᠷᠤᠯᠳᠤᠭᠠᠨ ᠢ ᠨᠠᠷᠢᠯᠢᠭ | ᠪᠡᠯᠡᠳᠬᠡᠨ ᠡᠷᠭᠢᠯᠡᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠳ ᠤᠨ ᠢᠷᠡᠯᠲᠡ ᠶᠢ ᠭᠦᠨᠵᠡᠭᠡᠢ | ᠦᠷᠭᠡᠳᠭᠡᠵᠣ᠂ ᠲᠢᠺ ᠲᠣᠺ ᠣᠬᠤᠷ ᠸᠢᠳᠢᠣ᠋ ᠵᠡᠷᠭᠡ ᠰᠦᠯᠵᠢᠶᠡᠨ ᠳᠡᠭᠡᠷᠡᠬᠢ ᠡᠵᠡᠩᠨᠡᠨ ᠪᠣᠷᠣᠯᠠᠭᠤᠯᠤᠯᠲᠠ ᠶᠢ | ᠳᠡᠯᠭᠡᠷᠡᠬᠦᠯᠵᠦ᠂ ᠦᠷᠭᠦᠯᠵᠢᠯᠡᠨ ᠨᠠᠷᠢᠯᠢᠭ ᠣᠨᠣᠴᠢᠳᠠᠢ ᠪᠠᠷ ᠬᠦᠲᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ | ᠵᠤᠭᠠᠴᠠᠭᠰᠠᠳ ᠢ 15% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠴᠡᠪᠡᠷ ᠡᠨᠧᠷᠭᠢ ᠶᠢᠨ ᠰᠤᠷᠪᠤᠯᠵᠢ ᠶᠢᠨ ᠦᠢᠯᠡᠰ ᠢ ᠪᠤᠶᠢᠵᠢᠭᠤᠯᠤᠨ ᠬᠦᠭᠵᠢᠬᠦᠯᠦᠨ᠎ᠡ᠃ ᠰᠠᠯᠬᠢ ᠭᠡᠷᠡᠯ ᠤᠨ | ᠡᠬᠢ ᠪᠠᠶᠠᠯᠢᠭ ᠡᠯᠪᠡᠭ ᠪᠠᠶᠢᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ | ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ᠂ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ᠂ ᠴᠠᠬᠢᠯᠭᠠᠨ᠂ ᠨᠠᠷᠠᠨ | ᠤ ᠡᠨᠧᠷᠬᠢ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠵᠠᠪᠳᠤᠨ ᠠᠳᠬᠤᠵᠤ᠂ ᠮᠢᠩᠭᠠᠨ ᠲᠦᠮᠡᠨ ᠺᠢᠯᠣᠸᠠᠲ ᠤᠨ | ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ | ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠬᠦ ᠪᠠᠭᠲᠠᠭᠠᠮᠵᠢ ᠲᠠᠢ ᠪᠠᠷ ᠲᠣᠣᠷ ᠲᠤ | ᠨᠡᠶᠢᠯᠡᠭᠦᠯᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ 150 ᠲᠦᠮᠡᠨ ᠺᠢᠯᠣᠸᠠᠲ ᠤᠨ ᠪᠠᠲᠤᠯᠠᠭ᠎ᠠ ᠶᠢᠨ | ᠴᠢᠨᠠᠷᠲᠠᠶ ᠲᠣᠣᠷ ᠲᠤ ᠨᠡᠶᠢᠯᠡᠭᠦᠯᠬᠦ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠵᠤ᠂ ᠪᠦᠬᠦ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ | 230 ᠲᠦᠮᠡᠨ ᠺᠢᠯᠣᠸᠠᠲ ᠲᠤ ᠬᠦᠷᠦᠭᠦᠯᠵᠦ᠂ ᠳᠠᠬᠢᠨ ᠢᠶᠠᠷ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠪᠠᠷ | ᠴᠢᠷᠮᠠᠶᠢᠨ᠎ᠠ᠃ ᠰᠢᠯᠢ ᠶᠢᠨ ᠭᠤᠣᠯ ᠠᠶᠢᠮᠠᠭ ᠠᠴᠠ ᠤᠯᠤᠰ ᠤᠨ ᠳᠣᠲᠣᠭᠠᠳᠤ ᠶᠢᠨ ᠳᠣᠲᠣᠷ ᠭᠠᠵᠠᠷ ᠬᠦᠷᠬᠦ ᠣᠨᠴᠠ | ᠥᠨᠳᠥᠷ ᠬᠦᠴᠦᠳᠡᠯᠲᠦ ᠴᠠᠬᠢᠯᠭᠠᠨ ᠢ ᠰᠠᠭᠠᠳ ᠦᠭᠡᠢ ᠨᠡᠪᠳᠡᠷᠡᠬᠦᠯᠬᠦ ᠭᠠᠷᠴᠠ ᠶᠢᠨ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠠᠭᠤᠰᠤᠯᠴᠠᠵᠤ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠭᠠᠷᠴᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ᠃ ︽ᠴᠠᠬᠢᠯᠭᠠᠨ ᠡᠭᠦᠰᠭᠡᠭᠴᠢ᠂ ᠴᠠᠬᠢᠯᠭᠠᠨ ᠲᠣᠣᠷ᠂ ᠳᠠᠭᠠᠭᠠᠴᠠ᠂ ᠡᠨᠧᠷᠭᠢ | ᠨᠦᠬᠡᠴᠡᠯᠡᠬᠦ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠡᠨᠧᠷᠭᠢ ᠶᠢᠨ ᠠᠵᠤ | ᠦᠢᠯᠡᠰ ᠤᠨ ᠬᠡᠯᠬᠢᠶ᠎ᠡ ᠶᠢ ᠤᠯᠠᠮ ᠨᠢᠭᠡ ᠠᠯᠬᠤᠮ ᠣᠷᠳᠣᠳᠬᠠᠨ᠂ ᠪᠣᠬᠢᠷᠳᠤᠯ ᠦᠭᠡᠢ ᠴᠠᠬᠢᠯᠭᠠᠨ ᠭᠠᠷᠭᠠᠯᠳᠠ ᠶᠢᠨ | ᠰᠢᠩᠭᠡᠭᠡᠨ ᠠᠰᠢᠭᠯᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ 5 ᠲᠦᠮᠡᠨ ᠲᠣᠨ ᠯᠢᠲ᠋ᠢ ᠶᠢᠨ | ᠢᠶᠣᠨ ᠤ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ | ᠪᠦᠲᠦᠭᠡᠨ ᠪᠠᠶᠢᠭᠤᠯᠬᠤ᠂ 6 ᠲᠦᠮᠡᠨ ᠲᠣᠨ ᠨᠡᠭᠦᠷᠡᠰᠦ ᠬᠦᠴᠢᠯ ᠤᠨ ᠯᠢᠲ᠋ᠢ ᠶᠢ ᠴᠡᠪᠡᠷᠰᠢᠭᠦᠯᠬᠦ ᠲᠥᠷᠥᠯ ᠵᠦᠢᠯ ᠢ | ᠪᠣᠳᠠᠳᠠᠶᠢᠵᠢᠭᠤᠯᠣᠨ ᠬᠡᠷᠡᠭᠵᠢᠭᠦᠯᠬᠦ ᠶᠢ ᠠᠬᠢᠭᠤᠯᠤᠨ᠎ᠠ᠃ | ︵ᠲᠦᠷᠪᠡ︶ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠰᠢᠨ | ᠰᠠᠭᠤᠷᠢᠰᠢᠬᠤ ᠳᠤ ᠳᠣᠬᠢᠯᠢᠭ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠣᠬᠢᠷᠲᠤᠯ ᠦᠭᠡᠢ ᠠᠮᠢ ᠠᠬᠤᠢ ᠶᠢᠨ | ᠬᠤᠳᠠ ᠶᠢ ᠬᠦᠴᠦᠯᠡᠨ ᠪᠦᠳᠦᠭᠡᠨ ᠪᠠᠶᠢᠭᠤᠯᠤᠨ᠎ᠠ | ᠠᠮᠢ ᠠᠬᠤᠢ ᠶᠢᠨ ᠪᠣᠯᠪᠠᠰᠤᠨ ᠤ ᠰᠠᠭᠤᠷᠢ ᠥᠩᠭᠡ ᠶᠢ ᠦᠷᠭᠦᠯᠵᠢᠯᠡᠨ ᠰᠠᠶᠢᠵᠢᠷᠠᠭᠤᠯᠣᠨ᠎ᠠ᠃ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ︽ᠭᠤᠷᠪᠠᠨ ᠱᠤᠭᠤᠮ ᠨᠢᠭᠡ ᠳᠠᠩᠰᠠ | ︾ ᠶᠢᠨ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠳᠠᠯᠠᠵᠤ᠂ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠵᠦᠪᠰᠢᠶᠡᠷᠡᠯ ᠣᠯᠬᠤ ᠶᠢ | ᠠᠬᠢᠭᠤᠯᠣᠨ᠎ᠠ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠴᠦᠬᠦᠷᠡᠮ ᠨᠤᠲᠤᠭ ᠪᠡᠯᠴᠢᠭᠡᠷ ᠡᠯᠡᠰᠦ | ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠴᠢᠩᠭᠠᠳᠬᠠᠵᠤ᠂ ᠬᠤᠯᠠᠨ | ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠭᠤᠣᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠵᠡᠷᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠵᠤ᠂ | ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ | ᠪᠠᠲᠤ ᠴᠣᠭᠴᠠᠯᠠᠨ᠎ᠠ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠣᠷᠣᠨ ᠤ ᠲᠠᠰ ᠤᠨ ᠳᠣᠣᠷ᠎ᠠ | ᠨᠡᠭᠦᠷᠡᠰᠦᠳᠦ᠋ᠷᠦᠭᠴᠢᠳᠣ ᠲᠤᠷᠰᠢᠯᠲᠠ ᠶᠢᠨ ᠴᠡᠭ ᠤᠨ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ︽ᠬᠤᠣᠰ ᠡᠵᠡᠮᠳᠡᠯ︾ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠮᠢ | ᠠᠬᠤᠶ ᠶᠢᠨ ᠣᠷᠴᠢᠨ ᠲᠣᠭᠤᠷᠢᠨ ᠤ ᠤᠳᠤᠷᠢᠳᠤᠮᠵᠢ ︵EOD ᠵᠠᠭᠪᠤᠷ︶ ᠶᠢᠨ ᠲᠥᠷᠥᠯ ᠵᠦᠢᠯ ᠢ ᠰᠦᠪᠡᠭᠴᠢᠯᠡᠨ | ᠬᠡᠷᠡᠭᠵᠢᠭᠦᠯᠦᠨ᠎ᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠰᠢᠮᠡᠯᠢᠭ ᠬᠥᠷᠥᠰᠥ ᠶᠢ ᠬᠠᠮᠠᠭᠠᠯᠠᠬᠤ | ᠳᠠᠶᠢᠯᠠᠯᠳᠣᠭᠠᠨ ᠢ ᠡᠷᠡᠰ ᠰᠠᠶᠢᠲᠤᠷ ᠬᠢᠵᠦ᠂ ︽ᠲᠠᠷᠠᠬᠠᠶ ᠪᠤᠲᠠᠷᠬᠠᠶ᠂ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ | ᠠᠬᠤᠶᠢᠯᠠᠯ ᠪᠠ ᠲᠣᠭᠤᠰᠣ ᠰᠢᠷᠣᠢ ᠳᠡᠭᠳᠡᠬᠦ ᠵᠡᠷᠭᠡ ᠠᠭᠠᠷ ᠮᠠᠨᠳᠠᠯ ᠤᠨ ᠪᠣᠬᠢᠷᠲᠤᠯ ᠤᠨ ᠵᠠᠰᠠᠯᠳᠠ ᠶᠢ ᠦᠷᠭᠦᠯᠵᠢᠯᠡᠨ | ᠠᠬᠢᠭᠤᠯᠵᠤ᠂ ᠪᠥᠬᠦ ᠬᠤᠲᠠ ᠶᠢᠨ ᠨᠠᠷᠢᠨ ᠮᠥᠬᠦᠯᠢᠭᠲᠦ ᠳᠣᠭᠤᠰᠦ ︵PM2.5︶ ᠶᠢᠨ ᠳᠤᠮᠳᠠᠴᠢ ᠥᠳᠬᠡᠴᠡ ᠪᠠ | ᠠᠭᠠᠷ ᠤᠨ ᠴᠡᠪᠡᠷᠴᠡ ᠰᠢᠯᠢᠳᠡᠭ ᠰᠠᠶᠢᠨ ᠡᠳᠦᠷ ᠤᠨ ᠬᠠᠷᠢᠴᠠᠯ ᠢ ᠪᠠᠷᠢᠮᠵᠢᠶᠠᠨ ᠳᠤ ᠬᠦᠷᠭᠡᠬᠦ ᠶᠢ ᠪᠠᠲᠤᠯᠠᠨ᠎ᠠ᠃ | ᠬᠤᠲᠠ ᠶᠢᠨ ᠪᠣᠬᠢᠷ ᠤᠰᠤ ᠪᠠ ᠡᠮᠴᠢᠯᠡᠭᠡᠨ ᠤ ᠪᠣᠬᠢᠷ ᠤᠰᠤ ᠶᠢ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠤᠰᠤᠨ ᠰᠤᠷᠪᠤᠯᠵᠢ ᠶᠢᠨ ᠭᠠᠵᠠᠷ ᠤᠨ ᠤᠰᠤᠨ ᠬᠤᠳᠳᠤᠭ ᠢ ᠦᠬᠡᠷᠡᠴᠢᠯᠡᠨ ᠰᠢᠨᠡᠳᠭᠡᠵᠣ᠂ | ᠪᠡᠯᠡᠳᠬᠡᠯ ᠤᠰᠤᠨ ᠰᠤᠷᠪᠤᠯᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠠᠷᠢᠶᠠᠯᠠᠩ ᠳᠤ ᠬᠡᠷᠡᠭᠯᠡᠬᠦ ᠭᠠᠵᠠᠷ᠂ ᠡᠵᠡᠩᠨᠡᠵᠣ ᠪᠠᠶᠢᠭ᠎ᠠ ᠠᠵᠤ | ᠠᠬᠤᠶᠢᠯᠠᠯ ᠤᠨ ᠬᠥᠷᠥᠰᠥ ᠰᠢᠷᠣᠶ ᠣᠷᠴᠢᠨ ᠲᠣᠭᠤᠷᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ | ᠦᠢᠯᠡ ᠠᠵᠢᠯᠯᠠᠭ᠎ᠠ ᠶᠢ ᠳᠠᠰᠣᠷᠠᠯᠳᠠ ᠦᠬᠡᠢ ᠵᠢᠷᠤᠮᠵᠢᠭᠤᠯᠤᠨ᠎ᠠ᠃ | ᠬᠤᠲᠠ ᠶᠢᠨ ᠴᠢᠳᠠᠮᠵᠢ ᠶᠠᠰᠣ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ᠃ ᠠᠷᠠᠳ ᠳᠦᠮᠡᠨ ᠤ ᠬᠤᠲᠠ ᠠᠷᠠᠳ | ᠲᠦᠮᠡᠨ ᠤ ᠲᠥᠯᠥᠭᠡ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠵᠢᠯ ᠤᠨ ᠳᠣᠲᠣᠷ᠎ᠠ ᠪᠣᠬᠢᠷ ᠤᠰᠤ᠂ ᠢᠯᠴᠢ | ᠬᠠᠩᠭᠠᠬᠤ᠂ ᠤᠰᠤ ᠭᠠᠳᠠᠭᠰᠢᠯᠠᠭᠤᠯᠵᠦ ᠤᠰᠤᠲᠤᠯ ᠢ ᠰᠡᠷᠭᠡᠶᠢᠯᠡᠬᠦ ᠭᠤᠣᠷᠰᠣ ᠰᠦᠯᠵᠢᠶ᠎ᠡ ᠶᠢ ᠳᠡᠰ ᠳᠡᠪᠰᠢᠬᠦᠯᠦᠨ | ᠥᠭᠡᠷᠡᠴᠢᠯᠡᠬᠦ ᠵᠡᠷᠭᠡ ᠢᠨᠵᠧᠨᠧᠷᠢᠩ ᠢ ᠬᠡᠷᠡᠭᠵᠢᠭᠦᠯᠬᠦ ᠮᠦᠷᠳᠡᠭᠡᠨ ᠳᠠᠭᠤᠰᠬᠠᠨ᠎ᠠ᠃ ᠮᠠᠨ ᠤ ᠬᠤᠲᠠ ᠶᠢ ︽ᠨᠤᠨ | ᠮᠦᠷᠡᠨ ᠢ ᠳᠠᠳᠠᠵᠦ ᠰᠢᠯᠢ ᠶᠢᠨ ᠭᠤᠣᠯ ᠢ ᠳᠡᠳᠬᠦᠬᠦ︾᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠥᠪᠥᠷ | ᠮᠣᠩᠭᠤᠯ ᠤᠨ ᠪᠠᠷᠠᠭᠤᠨ ᠱᠤᠭᠤᠮ ᠵᠡᠷᠭᠡ ᠢᠨᠵᠧᠨᠧᠷᠢᠩ ᠤᠨ ᠬᠡᠪᠴᠢᠶᠡᠨ ᠳᠤ ᠣᠷᠣᠭᠤᠯᠬᠤ ᠪᠠᠷ ᠪᠥᠬᠦ | ᠬᠦᠴᠦᠨ ᠢᠶᠠᠷ ᠢᠶᠠᠨ ᠳᠡᠭᠡᠭᠰᠢ ᠬᠦᠬᠡᠬᠡᠴᠡᠯᠳᠦᠵᠣ᠂ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠨ᠎ᠡ᠃ ︽ᠳᠤᠯᠠᠭᠠᠯᠭ᠎ᠠ ᠶᠢᠨ ᠢᠨᠵᠧᠨᠧᠷᠢᠩ︾ ᠢ ᠰᠠᠶᠢᠲᠤᠷ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠲᠥᠪᠯᠡᠷᠡᠭᠦᠯᠦᠨ ᠢᠯᠴᠢ | ᠬᠠᠩᠭᠠᠬᠤ ᠲᠥᠷᠥᠯ ᠵᠦᠢᠯ ᠢ ᠲᠦᠷᠭᠡᠪᠴᠢᠯᠡᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠢᠦᠢ ᠯᠥᠩ 220 | ᠺᠢᠯᠤᠸ᠋ᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠭᠤᠣᠯ ᠬᠤᠪᠢᠰᠬᠠᠭᠤᠷ ᠤᠨ ᠪᠠᠭᠲᠠᠭᠠᠮᠵᠢ ᠶᠢ ᠨᠡᠮᠡᠭᠳᠡᠭᠦᠯᠦᠨ | ᠥᠭᠡᠷᠡᠴᠢᠯᠡᠬᠦ᠂ ᠬᠤᠲᠠ ᠲᠣᠭᠤᠷᠢᠭ ᠤᠨ 110 ᠺᠢᠯᠤᠸ᠋ᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠬᠤᠣᠰ | ᠪᠤᠴᠠᠯ ᠱᠤᠭᠤᠮ ᠢ ᠰᠢᠨ᠎ᠡ ᠪᠠᠷ ᠪᠠᠶᠢᠭᠤᠯᠵᠤ ᠥᠭᠡᠷᠡᠴᠢᠯᠡᠬᠦ ᠵᠡᠷᠭᠡ ᠴᠠᠬᠢᠯᠭᠠᠨ ᠬᠠᠩᠭᠠᠬᠤ ᠢᠨᠵᠧᠨᠧᠷᠢᠩ ᠢ | ᠳᠠᠭᠤᠰᠬᠠᠨ᠎ᠠ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠲᠦᠭᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠬᠤᠲᠠ ᠶᠢᠨ ᠭᠤᠤᠯ ᠲᠣᠭᠤᠷᠢᠭ ᠤᠨ ᠣᠯᠠᠨ | ᠨᠡᠶᠢᠲᠡ ᠶᠢᠨ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ ᠪᠠᠶᠢᠭᠤᠯᠵᠤ᠂ ᠬᠤᠲᠠ ᠶᠢᠨ ᠠᠷᠠᠳ ᠤᠨ ︽ᠪᠣᠬᠢᠷᠲᠤᠯ | ᠥᠬᠡᠶ ᠶᠠᠪᠤᠵᠤ ᠰᠠᠭᠤᠬᠤ︾ ᠳᠤ ᠲᠥᠬᠦᠮ ᠦᠵᠡᠭᠦᠯᠦᠨ᠎ᠡ᠃ ᠰᠠᠶᠢᠵᠢᠷᠠᠭᠤᠯᠣᠭᠰᠠᠨ ᠣᠷᠣᠨ ᠰᠠᠭᠤᠴᠠ ᠶᠢᠨ | ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠣ᠂ ᠸᠠᠩ ᠶᠠ ᠲᠢᠩ ᠰᠠᠭᠤᠭᠠᠯᠢ ᠳᠣᠭᠤᠷᠢᠭ᠂ ᠲᠧᠩ ᠳ᠋ᠧ ᠳ᠋ᠢ | ᠵᠢᠩ ᠰᠠᠭᠤᠭᠠᠯᠢ ᠳᠣᠭᠤᠷᠢᠭ ᠤᠨ ᠬᠤᠶᠠᠳᠤᠭᠠᠷ ᠬᠤᠭᠤᠴᠠᠭ᠎ᠠ᠂ ᠢᠦᠶ ᠲᠠᠢ ᠵᠢᠶᠠ ᠶᠤᠸᠠᠨ ᠰᠠᠭᠤᠭᠠᠯᠢ ᠳᠣᠭᠤᠷᠢᠭ | ᠤᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠪᠠᠶᠢᠭᠤᠯᠵᠤ ᠳᠠᠭᠤᠰᠬᠠᠨ ᠰᠣᠯᠢᠯᠴᠠᠭᠠᠨ ᠳᠤ ᠣᠷᠣᠭᠤᠯᠬᠤ ᠶᠢ | ᠠᠬᠢᠭᠤᠯᠤᠨ᠎ᠠ᠃ ︽ᠭᠡᠷ ᠪᠠᠶᠢᠰᠢᠩ ᠤᠨ ᠪᠢᠯᠧᠲ︾ ᠪᠠᠷ ᠳᠦᠪᠬᠢᠨᠠᠬᠦᠯᠬᠦ ᠲᠥᠷᠥ ᠶᠢᠨ ᠪᠣᠳᠣᠯᠭ᠎ᠠ ᠶᠢ | ᠨᠠᠷᠢᠯᠢᠭᠵᠢᠭᠤᠯᠣᠨ ᠨᠠᠶᠢᠳᠠᠪᠣᠷᠢᠵᠢᠭᠤᠯᠵᠦ᠂ ᠤᠯᠠᠭᠠᠨ ᠨᠡᠶᠢᠭᠡᠮ ᠲᠣᠭᠤᠷᠢᠭ ᠤᠨ ᠪᠠᠷᠠᠭᠤᠨ ᠭᠤᠳᠤᠮᠵᠢ ᠶᠢᠨ | ᠨᠤᠷᠠᠭᠠᠵᠤ ᠨᠡᠭᠦᠯᠭᠡᠬᠦ ᠥᠭᠡᠷᠡᠴᠢᠯᠡᠯᠲᠡ ᠶᠢ ᠠᠯᠬᠤᠮ ᠬᠤᠪᠢᠶᠠᠨ ᠬᠡᠷᠡᠭᠵᠢᠭᠦᠯᠦᠨ᠎ᠡ᠃ ᠬᠤᠲᠠ ᠶᠢᠨ ᠳᠦᠷᠢ ᠳᠦᠷᠬᠦ | ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ | ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠬᠠᠤᠯᠢ ᠬᠡᠷᠡᠭᠵᠢᠭᠦᠯᠬᠦ ᠶᠢ ᠳᠦᠷᠢᠮᠵᠢᠬᠦᠯᠦᠨ ᠴᠢᠩᠳᠠᠯᠠᠵᠤ᠂ ᠬᠥᠳᠡᠯᠦᠩᠭᠦᠶ ᠪᠠᠷ ᠬᠠᠮᠢᠶᠠᠷᠤᠨ | ᠡᠵᠡᠮᠳᠡᠬᠦ ᠶᠢ ᠴᠢᠩᠭᠠᠳᠬᠠᠨ᠂ ᠲᠣᠭᠲᠠᠭᠠᠯ ᠠᠴᠠ ᠵᠦᠷᠢᠴᠡᠭᠰᠡᠨ ᠪᠦᠳᠦᠭᠡᠨ ᠪᠠᠶᠢᠭᠤᠯᠣᠯᠳᠠ ᠳᠤ ᠴᠢᠩᠭ᠎ᠠ ᠴᠣᠬᠢᠯᠲᠠ | ᠥᠭᠭᠦᠨ᠎ᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠦᠨᠡᠮᠯᠡᠯ ᠤᠨ ᠦᠯᠡᠳᠡᠭᠳᠡᠯ ᠠᠰᠠᠭᠤᠳᠠᠯ ᠢ ᠳᠣᠬᠢᠳᠠᠢ | ᠰᠢᠢᠳᠪᠣᠷᠢᠯᠡᠵᠦ᠂ ︽ᠬᠥᠳᠡᠯᠦᠩᠭᠦᠶ ᠪᠠᠶᠢᠳᠠᠯ ᠢᠶᠠᠷ ᠪᠦᠬᠦᠨ ᠢ ᠠᠷᠢᠯᠭᠠᠬᠤ︾ ᠶᠢ ᠪᠡᠶᠡᠯᠡᠬᠦᠯᠬᠦ ᠶᠢ ᠪᠠᠲᠤᠯᠠᠨ᠎ᠠ᠃ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠯᠡᠨ ᠠᠬᠢᠭᠤᠯᠣᠨ᠎ᠠ᠃ | ᠶᠡᠭᠡ ᠬᠡᠪᠴᠢᠶ᠎ᠡ ᠪᠠᠷ ᠳᠠᠬᠢᠨ ᠶᠠᠳᠠᠭᠤᠷᠠᠬᠤ ᠶᠢ ᠰᠡᠷᠬᠡᠶᠢᠯᠡᠨ ᠬᠥᠳᠡᠯᠦᠩᠭᠦᠶ ᠪᠠᠶᠢᠳᠠᠯ ᠢᠶᠠᠷ ᠬᠢᠨᠠᠨ ᠬᠡᠮᠵᠢᠬᠦ ᠪᠠ | ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠬᠢᠨᠠᠯᠳᠠ ᠠᠴᠠ ᠣᠷᠬᠢᠭᠳᠠᠭᠤᠯᠬᠤ᠂ | ᠳᠡᠳᠭᠦᠮᠵᠢ ᠠᠴᠠ ᠬᠤᠴᠣᠷᠠᠭᠤᠯᠬᠤ︾ ᠶᠢ ᠡᠷᠡᠰ ᠬᠤᠷᠢᠭᠯᠠᠵᠤ᠂ ᠶᠡᠭᠡ ᠬᠡᠪᠴᠢᠶᠡᠨ ᠤ ᠳᠠᠬᠢᠨ ᠶᠠᠳᠠᠭᠤᠷᠠᠯ ᠡᠬᠦᠰᠬᠦ | ᠥᠬᠡᠶ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠰ ᠳᠡᠪᠰᠢᠬᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠠᠷᠠᠯᠵᠢᠶᠠᠨ ᠤ ᠲᠥᠪ᠂ ᠮᠠᠯᠴᠢᠨ ᠠᠶᠢᠯ ᠤᠨ ᠵᠤᠭᠠᠴᠠᠯ ᠢ ᠪᠡᠶᠡᠴᠢᠯᠡᠨ | ᠣᠶᠢᠯᠠᠭᠠᠬᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷ᠎ᠡ ᠳᠡᠮᠳᠡᠭᠳᠣ᠂ ᠬᠥᠳᠡᠭᠡ ᠲᠣᠰᠬᠤᠨ ᠤ | ᠴᠠᠬᠢᠯᠭᠠᠨ ᠲᠣᠣᠷ ᠢ ᠪᠠᠬᠢᠵᠢᠭᠦᠯᠦᠨ ᠳᠡᠭᠡᠭᠰᠢᠯᠡᠭᠦᠯᠬᠦ᠂ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠡᠷᠦᠬᠡ ᠶᠢ | ᠴᠠᠬᠢᠯᠭᠠᠨ ᠳᠣᠣᠷ ᠲᠤ ᠣᠷᠣᠭᠤᠯᠬᠤ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ | ᠠᠬᠢᠭᠤᠯᠵᠤ᠂ ᠣᠯᠣᠰ ᠤᠨ ᠳᠡᠰ ᠤᠨ ᠵᠠᠰᠠᠮᠠᠯ ᠵᠠᠮ 331 ᠱᠣᠭᠤᠮ — ᠬᠠᠳᠠᠨ ᠬᠤᠰᠢᠭᠤ᠂ ᠭᠠᠷᠠᠮ | ᠨᠡᠪᠳᠡᠷᠡᠬᠦᠯᠬᠦ ᠵᠠᠰᠠᠮᠠᠯ ᠵᠠᠮ — ᠪᠦᠳᠦᠬᠦᠨ ᠬᠦᠷᠬᠦ ᠵᠡᠷᠭᠡ 4 ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ | ᠪᠠᠶᠢᠭᠤᠯᠤᠨ ᠳᠠᠭᠤᠰᠬᠠᠵᠤ ᠠᠰᠢᠭᠯᠠᠯᠳᠠ ᠳᠤ ᠣᠷᠣᠭᠤᠯᠣᠨ᠎ᠠ᠃ ︽ᠨᠢᠭᠡ ᠭᠠᠴᠠᠭ᠎ᠠ ᠨᠢᠭᠡ ᠣᠨᠴᠠᠯᠢᠭ ᠨᠢᠭᠡ ᠨᠠᠷᠠᠲᠤ | ᠲᠡᠮᠳᠡᠭᠲᠦ︾ ᠶᠢ ᠪᠠᠷᠢᠮᠲᠠᠯᠠᠵᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ᠂ ᠤᠨᠴᠠᠯᠢᠬᠳᠤ ᠠᠳᠤᠭᠤᠨ ᠤ ᠠᠵᠤ | ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠰᠠᠶᠢᠨ ᠡᠭᠦᠯᠳᠡᠷ ᠤᠨ ᠠᠯᠠᠰᠢᠨ ᠤ ᠦᠬᠡᠷ᠂ ᠰᠥᠨᠢᠳ | ᠬᠤᠨᠢ᠂ ᠰᠦᠨᠢᠳ ᠬᠤᠤᠰ ᠪᠥᠬᠦᠲᠦ ᠲᠡᠮᠡᠭᠡ ᠵᠡᠷᠭᠡ ᠲᠡᠵᠢᠭᠡᠨ ᠦᠷᠡᠵᠢᠭᠦᠯᠬᠦ ᠦᠢᠯᠡᠰ ᠢ ᠪᠤᠶᠢᠵᠢᠭᠤᠯᠤᠨ | ᠬᠦᠭᠵᠢᠬᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠡᠪᠴᠢᠶᠡᠵᠢᠯᠲᠡ᠂ ᠠᠵᠤ ᠦᠢᠯᠡᠰᠵᠢᠯᠳᠠ᠂ ᠨᠠᠷᠠᠲᠤ | ᠲᠡᠮᠳᠡᠭᠵᠢᠯᠲᠡ ᠶᠢᠨ ᠠᠯᠬᠤᠴᠠ ᠶᠢ ᠲᠦᠷᠭᠡᠳᠬᠡᠨ᠎ᠡ᠃ ᠪᠣᠬᠢᠷᠲᠤᠯ ᠥᠬᠡᠶ ᠲᠠᠷᠢᠮᠠᠯ ᠤᠨ ᠦᠢᠯᠡᠰ ᠢ ᠬᠦᠴᠦᠯᠡᠨ | ᠰᠢᠯᠢᠳᠡᠭᠵᠢᠭᠦᠯᠵᠣ᠂ ᠰᠠᠶᠢᠬᠤᠰᠦ ᠭᠠᠴᠠᠭᠠᠨ ᠤ ᠬᠥᠷᠥᠰᠥ ᠰᠢᠷᠣᠶ ᠶᠢ ᠰᠠᠶᠢᠵᠢᠷᠠᠭᠤᠯᠬᠤ᠂ ᠰᠢᠨ᠎ᠡ ᠪᠠᠷ ᠪᠠᠶᠢᠭᠤᠯᠬᠤ | ᠲᠣᠮᠣ ᠫᠧᠩ ᠵᠡᠷᠭᠡ ᠲᠥᠷᠥᠯ ᠵᠦᠢᠯ ᠢ ᠳᠠᠭᠤᠰᠬᠠᠵᠣ᠂ ︽ᠪᠣᠬᠢᠷᠲᠤᠯ ᠥᠬᠡᠶ ᠵᠢᠮᠢᠰ ᠨᠣᠭᠤᠭ᠎ᠠ+ ᠬᠥᠳᠡᠭᠡ | ᠲᠣᠰᠬᠤᠨ ᠤ ᠵᠢᠭᠤᠯᠴᠢᠯᠠᠯ︾ ᠤᠨ ᠠᠵᠤ ᠦᠢᠯᠡᠰ ᠤᠨ ᠬᠡᠪᠴᠢᠶ᠎ᠡ ᠶᠢ ᠪᠤᠵᠠᠭᠠᠶᠢᠷᠠᠭᠤᠯᠤᠨ᠎ᠠ᠃ ︽ᠤᠯᠤᠰ ᠤᠨ | ᠥᠮᠴᠢᠯᠡᠯᠲᠦ ᠠᠵᠤ ᠠᠬᠤᠶᠢᠯᠠᠯ + ᠬᠤᠷᠰᠢᠶᠠᠵᠢᠯ︾ ᠤᠨ ᠲᠣᠭᠲᠠᠴᠠ ᠶᠢ ᠭᠦᠨᠵᠡᠭᠡᠶᠢᠷᠡᠭᠦᠯᠦᠨ᠂ ᠮᠠᠯᠴᠢᠨ | ᠲᠠᠷᠢᠶᠠᠴᠢᠳ ᠢ ᠵᠣᠬᠢᠶᠠᠨ ᠪᠠᠶᠢᠭᠤᠯᠤᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ ᠲᠤ | ᠭᠦᠨᠵᠡᠭᠡᠶ ᠣᠷᠣᠯᠴᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠴᠠᠭᠠᠨ ᠤ | ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠣᠯᠠᠨ ᠡᠰᠢᠵᠢᠭᠰᠡᠨ ᠣᠷᠣᠯᠭ᠎ᠠ ᠶᠢᠨ | ᠨᠡᠮᠡᠭᠳᠡᠯ ᠢ ᠠᠬᠢᠭᠤᠯᠤᠨ᠎ᠠ᠃ | ︵ᠲᠠᠪᠤ︶ ᠠᠷᠠᠳ ᠲᠤ ᠠᠰᠢᠭ ᠬᠦᠷᠲᠡᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠨᠠᠶᠢᠳᠠ ᠠᠷᠠᠳ ᠤᠨ | ᠠᠮᠢᠳᠤᠷᠠᠯ ᠤᠨ ᠦᠢᠯᠡᠰ ᠤᠨ ᠲᠣᠭᠲᠠᠭᠤᠨ ᠢᠶᠠᠷ ᠳᠡᠰ ᠳᠡᠪᠰᠢᠬᠦ ᠶᠢ ᠬᠦᠴᠦᠯᠡᠨ ᠠᠬᠢᠭᠤᠯᠤᠨ᠎ᠠ | ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠪᠥᠭᠡᠳ ᠪᠠᠲᠤ ᠰᠦᠯᠵᠢᠨ᠎ᠡ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠢᠳᠡᠪᠬᠢᠲᠡᠶ ᠪᠠᠶᠢᠭᠤᠯᠵᠤ᠂ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ | ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠷᠭ᠎ᠠ ᠵᠠᠮ ᠢ ᠥᠷᠭᠡᠳᠬᠡᠨ᠂ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 5% ᠶᠢᠨ ᠳᠣᠲᠣᠷ᠎ᠠ ᠬᠢᠵᠠᠭᠠᠷᠯᠠᠬᠤ ᠶᠢ ᠪᠠᠲᠤᠯᠠᠨ᠎ᠠ᠃ | ᠣᠯᠠᠨ ᠵᠦᠢᠯ ᠤᠨ ᠠᠷᠭ᠎ᠠ ᠪᠣᠳᠣᠯᠭ᠎ᠠ ᠶᠢ ᠵᠡᠷᠭᠡ ᠪᠠᠷ ᠬᠡᠷᠡᠭᠯᠡᠨ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ | ᠥᠷᠭᠡᠳᠬᠡᠨ ᠲᠠᠲᠠᠪᠤᠷᠢᠯᠠᠨ ᠲᠤᠰᠢᠶᠠᠬᠤ ᠶᠢ ᠠᠬᠢᠭᠤᠯᠵᠤ᠂ ᠳᠠᠭᠠᠳᠬᠠᠯ ᠳᠤ ᠣᠷᠣᠯᠴᠠᠬᠤ ᠪᠦᠷᠬᠦᠴᠡ ᠶᠢ | ᠦᠷᠭᠦᠯᠵᠢᠯᠡᠨ ᠥᠷᠭᠡᠳᠬᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ | ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠬᠦ ᠵᠡᠷᠭᠡ ᠲᠥᠷᠥ ᠶᠢᠨ ᠪᠣᠳᠣᠯᠭ᠎ᠠ ᠶᠢ ᠲᠦᠷᠭᠡᠳᠬᠡᠨ | ᠨᠠᠶᠢᠳᠠᠪᠤᠷᠢᠵᠢᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ | ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ᠃ ᠲᠥᠷᠥᠯ᠂ ᠳᠠᠪᠬᠤᠷᠭ᠎ᠠ ᠬᠤᠪᠢᠶᠠᠨ ᠨᠡᠶᠢᠭᠡᠮ ᠤᠨ | ᠠᠪᠤᠷᠠᠨ ᠳᠣᠰᠠᠯᠠᠬᠤ ᠶᠢ ᠴᠢᠩᠭᠠᠳᠬᠠᠵᠤ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠶ ᠪᠠᠷ ᠳᠣᠭᠢᠷᠠᠭᠤᠯᠤᠨ᠂ | ᠲᠦᠷ ᠴᠠᠭ ᠤᠨ ᠠᠪᠤᠷᠠᠨ ᠲᠤᠰᠠᠯᠠᠯᠲᠠ ᠶᠢ ᠴᠢᠩᠭᠠᠳᠬᠠᠵᠤ᠂ ᠣᠷᠣᠯᠭ᠎ᠠ ᠪᠠᠭᠠᠲᠠᠶ ᠬᠥᠮᠦᠰ ᠤᠨ ᠦᠨᠳᠦᠰᠦᠨ | ᠠᠮᠢᠳᠤᠷᠠᠯ ᠢ ᠪᠠᠲᠤᠯᠠᠨ᠎ᠠ᠃ ︽ᠨᠠᠰᠤᠲᠠᠶᠢᠴᠤᠳ ᠪᠠ ᠨᠢᠯᠬᠠᠰ︾ ᠤᠨ ᠦᠢᠯᠡᠴᠢᠯᠡᠭᠡᠨ ᠤ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠬᠦᠭᠵᠢᠯ ᠤᠨ ᠪᠡᠷᠬᠡᠰᠢᠶᠡᠯᠳᠠᠨ ᠤ ᠠᠰᠠᠷᠠᠯᠳᠠ ᠶᠢᠨ ᠲᠥᠪ ᠢ ᠵᠠᠰᠠᠵᠤ | ᠥᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠪᠠᠲᠤᠯᠠᠭ᠎ᠠ ᠶᠢᠨ | ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ︽ᠵᠣᠭᠤᠰᠣᠨ ᠤᠭᠤᠲᠠ︾ ᠶᠢ | ᠬᠠᠮᠠᠭᠠᠯᠠᠨ ᠪᠠᠳᠣᠯᠠᠨ᠎ᠠ᠃ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠢᠭᠡᠳᠦᠯᠲᠡᠶ ᠲᠥᠯᠥᠪᠯᠡᠨ ᠰᠢᠯᠢᠳᠡᠭᠵᠢᠭᠦᠯᠦᠨ᠎ᠡ᠃ | ᠰᠤᠷᠭᠠᠨ ᠬᠥᠮᠦᠵᠢᠯ ᠤᠨ ᠰᠠᠭᠤᠷᠢ ᠲᠥᠬᠦᠭᠡᠷᠦᠮᠵᠢ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠳᠥᠷᠪᠡᠳᠦᠭᠡᠷ ᠪᠠᠭ᠎ᠠ | ᠰᠤᠷᠭᠠᠭᠤᠯᠢ ᠶᠢ ᠨᠡᠭᠦᠯᠭᠡᠨ ᠪᠠᠶᠢᠭᠤᠯᠬᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠷᠠᠯᠢᠭ ᠤᠨ ᠶᠡᠷᠦᠩᠬᠡᠶᠢᠯᠡᠭᠰᠡᠨ | ᠠᠰᠠᠷ᠂ ᠰᠤᠷᠭᠠᠭᠤᠯᠢ ᠶᠢ ᠶᠠᠰᠣ ᠴᠢᠨᠠᠷ ᠲᠠᠢ᠂ ᠲᠡᠩᠴᠡᠭᠦᠷᠢᠲᠡᠶ᠂ ᠪᠠᠷᠢᠮᠵᠢᠶ᠎ᠠ ᠳᠤ ᠬᠦᠷᠭᠡᠬᠦ ᠵᠡᠷᠭᠡ ᠲᠥᠷᠥᠯ ᠵᠦᠢᠯ ᠢ | ᠪᠡᠶᠡᠯᠡᠬᠦᠯᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠳᠤ ᠪᠦᠬᠦᠨ ᠢ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢᠶᠠᠷ ᠬᠢᠴᠢᠶᠡᠯᠯᠡᠬᠦ ᠠᠵᠢᠯ ᠢ ᠡᠷᠡᠰ ᠪᠡᠶᠡᠯᠡᠭᠦᠯᠵᠦ᠂ ᠲᠠᠪᠤᠳᠤᠭᠠᠷ | ᠪᠠᠭ᠎ᠠ ᠰᠤᠷᠭᠠᠭᠤᠯᠢ ᠶᠢ ᠴᠦᠬᠡᠨ ᠳᠣᠭᠠᠳᠣ ᠦᠨᠳᠦᠰᠦᠳᠡᠨ ᠪᠠ ᠬᠢᠲᠠᠳ ᠦᠨᠳᠦᠰᠦᠳᠡᠨ ᠬᠠᠮᠲᠤᠷᠠᠭᠰᠠᠨ | ᠰᠤᠷᠭᠠᠭᠤᠯᠢ ᠪᠣᠯᠭᠠᠨ ᠪᠠᠶᠢᠭᠤᠯᠬᠤ ᠶᠢ ᠪᠡᠶᠡᠯᠡᠬᠦᠯᠦᠨ᠎ᠡ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ | ᠤᠷᠢᠬᠤ︾ ᠪᠠᠭᠰᠢ ᠶᠢ ᠳᠠᠪᠬᠤᠷᠭ᠎ᠠ ᠬᠤᠪᠢᠶᠠᠨ ᠰᠢᠯᠭᠠᠨ ᠬᠢᠨᠠᠬᠤ ᠪᠠᠶᠢᠭᠤᠯᠣᠮᠵᠢ ᠶᠢ ᠲᠡᠭᠦᠯᠳᠡᠷᠵᠢᠭᠦᠯᠵᠦ᠂ | ᠪᠠᠭᠰᠢ ᠶᠢᠨ ᠡᠩᠨᠡᠭᠡᠨ ᠤ ᠪᠠᠶᠢᠭᠤᠯᠣᠯᠳᠠ ᠬᠠᠮᠢᠶᠠᠷᠣᠯᠳᠠ ᠶᠢ ᠴᠢᠩᠭᠠᠳᠬᠠᠨ᠂ ᠰᠣᠷᠭᠠᠨ ᠬᠦᠮᠦᠵᠢᠯ ᠵᠢᠭᠠᠨ | ᠰᠣᠷᠭᠠᠯᠳᠠ ᠶᠢᠨ ᠶᠠᠰᠣ ᠴᠢᠨᠠᠷ ᠢ ᠣᠯᠠᠮ ᠨᠢᠭᠡᠨ ᠠᠯᠬᠤᠮ ᠳᠡᠭᠡᠭᠰᠢᠯᠡᠭᠦᠯᠦᠨ᠎ᠡ᠃ ᠡᠷᠢᠶᠡᠨ ᠬᠤᠲᠠ ᠶᠢᠨ ᠣᠯᠠᠨ | ᠤᠯᠤᠰ ᠤᠨ ᠳᠡᠭᠡᠳᠦ ᠰᠤᠷᠭᠠᠭᠤᠯᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠵᠣᠬᠢᠴᠠᠭᠤᠯᠤᠨ ᠠᠬᠢᠭᠤᠯᠵᠤ᠂ | ᠰᠣᠷᠣᠭᠴᠢ ᠶᠢᠨ ᠢᠷᠡᠯᠲᠡ ᠶᠢ ᠵᠠᠯᠭᠠᠯᠳᠤᠭᠤᠯᠬᠤ ᠪᠠ ᠪᠠᠭᠰᠢ ᠨᠠᠷ ᠢ ᠲᠦᠪᠬᠢᠨᠡᠭᠦᠯᠬᠦ ᠠᠰᠠᠭᠤᠳᠠᠯ ᠢ ᠰᠢᠢᠳᠪᠦᠷᠢᠯᠡᠬᠦ ᠶᠢ | ᠠᠬᠢᠭᠤᠯᠤᠨ᠎ᠠ᠃ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠳᠣᠨᠤᠭ ᠲᠥᠬᠦᠭᠡᠷᠦᠮᠵᠢ ᠬᠤᠳᠠᠯᠳᠤᠨ ᠠᠪᠬᠤ᠂ | ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠲᠥᠪ ᠢ ᠦᠬᠡᠷᠡᠴᠢᠯᠡᠨ ᠰᠢᠨᠡᠳᠭᠡᠬᠦ | ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠢᠲᠠᠳ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠶᠢ ᠠᠬᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠡᠭᠡᠵᠢᠩ ᠵᠢᠴᠢ ᠣᠷᠣᠨ ᠠᠶᠢᠮᠠᠭ ᠤᠨ ᠭᠤᠷᠪᠠᠨ ᠲᠠᠰ ᠤᠨ | ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠤᠷᠰᠢᠯᠴᠠᠬᠤ ᠶᠢ ᠨᠢᠭᠲᠠᠷᠠᠭᠤᠯᠤᠨ᠂ | ᠡᠮᠴᠢᠯᠡᠭᠡᠨ ᠤ ᠦᠢᠯᠡᠴᠢᠯᠡᠭᠡ ᠶᠢᠨ ᠬᠢᠷᠢ ᠳᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠡᠮᠴᠢᠯᠡᠬᠦ ᠪᠠ | ᠰᠡᠷᠭᠡᠶᠢᠯᠡᠬᠦ ᠶᠢ ᠬᠠᠮᠵᠢᠯᠴᠠᠭᠤᠯᠤᠨ ᠬᠥᠭᠵᠢᠭᠦᠯᠬᠦ ᠶᠢ ᠴᠢᠩᠭᠠᠳᠬᠠᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠭᠡᠷᠡᠯᠳᠦᠠᠣᠳᠦ ᠰᠣᠮᠣᠨ ᠤ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠩ ᠪᠠᠯᠭᠠᠰᠤ ᠶᠢ ᠴᠢᠷᠮᠠᠶᠢᠨ ᠪᠠᠶᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠤᠯᠤᠰ ᠤᠨ | ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠯᠳᠠ ᠶᠢᠨ ᠰᠢᠯᠭᠠᠨ ᠦᠨᠡᠯᠡᠯᠳᠠ ᠶᠢ ᠤᠷᠤᠭᠰᠢᠲᠠᠶ | ᠦᠩᠭᠡᠷᠡᠭᠦᠯᠬᠦ ᠶᠢ ᠪᠠᠲᠤᠯᠠᠨ᠎ᠠ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠣᠶᠤᠨᠴᠢ ᠬᠢᠨᠠᠯᠲᠠ ᠬᠠᠮᠢᠶᠠᠷᠤᠯᠲᠠ | ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠥᠪᠡᠷᠲᠡᠭᠡᠨ ᠵᠠᠰᠠᠬᠤ | ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ | ᠯᠠᠪᠳᠠᠭᠤᠨ ᠪᠠᠲᠤᠲᠠᠶ ᠦᠷᠨᠢᠭᠦᠯᠦᠨ᠎ᠡ᠃ | ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠡᠶᠢᠭᠡᠮ ᠤᠨ ᠵᠠᠰᠠᠯᠲᠠ ᠶᠢ | ᠴᠢᠩᠭᠠᠳᠬᠠᠬᠤ ᠪᠠ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠯᠠᠪᠳᠠᠭᠤᠨ ᠪᠠᠲᠤᠲᠠᠢ ᠠᠬᠢᠭᠤᠯᠵᠤ᠂ ᠤᠳᠤᠷᠢᠳᠤᠯᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ | ᠬᠡᠷᠡᠭ ᠢ ᠳᠠᠭᠠᠭᠠᠴᠢᠯᠠᠬᠤ ᠲᠦᠷᠢᠮ ᠢ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ | ᠠᠵᠢᠯ ᠢ ᠦᠷᠭᠦᠯᠵᠢᠯᠡᠨ ᠲᠡᠭᠦᠯᠳᠡᠷᠵᠢᠭᠦᠯᠤᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ | ᠡᠭᠦᠷᠭᠡ ᠪᠠᠨ ᠡᠷᠡᠰ ᠪᠡᠶᠡᠯᠡᠭᠦᠯᠵᠦ᠂ ᠪᠠᠩᠬᠢ ᠶᠢᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ | ᠬᠤᠷᠢᠶᠠᠨ ᠰᠢᠢᠳᠪᠦᠷᠢᠯᠡᠬᠦ ᠵᠡᠷᠭᠡ ᠠᠵᠢᠯ ᠢ ᠬᠦᠴᠦᠯᠡᠨ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠬᠥᠭᠵᠢᠯᠲᠡ ᠬᠢᠭᠡᠳ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠢ ᠦᠨᠳᠦᠰᠦᠨ ᠠᠴᠠ ᠨᠢ | ᠵᠠᠰᠠᠬᠤ ᠪᠣᠭᠤᠮᠲᠠ ᠰᠢᠪᠳᠣᠯᠣᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠲᠠᠰᠤᠷᠠᠯᠲᠠ ᠦᠭᠡᠢ | ᠥᠷᠨᠢᠭᠦᠯᠵᠦ᠂ ᠬᠦᠨᠳᠦ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ ᠬᠢᠯᠢ ᠬᠢᠵᠠᠭᠠᠷ ᠢᠶᠠᠨ | ᠲᠣᠭᠲᠠᠪᠤᠷᠢᠵᠢᠭᠤᠯᠬᠤ ᠶᠢ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠤᠮᠠᠷᠠᠲᠤ ᠶᠡᠭᠡ ᠬᠠᠭᠠᠯᠭ᠎ᠠ︾ ᠶᠢ ᠡᠷᠡᠰ ᠰᠠᠶᠢᠲᠤᠷ | ᠰᠠᠬᠢᠵᠤ᠂ ᠰᠡᠷᠭᠡᠶᠢᠯᠡᠨ ᠬᠠᠮᠠᠭᠠᠯᠠᠬᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠣ᠂ ᠨᠡᠩ ᠥᠨᠳᠥᠷ ᠲᠦᠪᠰᠢᠨ | ᠪᠦᠬᠦᠢ ︽ᠠᠮᠤᠷ ᠠᠮᠤᠭᠤᠯᠠᠩ ᠡᠷᠢᠶᠡᠨ︾ ᠢ ᠪᠦᠳᠦᠭᠡᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠪᠦᠬᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ | ᠶᠢ ︽ᠲᠠᠪᠤᠨ ᠵᠢᠯ ᠳᠠᠷᠠᠭᠠᠯᠠᠨ ᠡᠭᠦᠳᠬᠦ︾ ᠶᠢ ᠴᠢᠷᠮᠠᠶᠢᠨ ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠤᠨ ᠲᠦᠯᠦᠭᠡ ᠪᠣᠳᠠᠲᠠᠢ ᠪᠠᠷ ᠠᠵᠢᠯᠯᠠᠨ ᠠᠷᠢᠭᠤᠨ ᠴᠢᠭᠡᠴᠢ ᠪᠠᠶᠢᠬᠤ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ | ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ | ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠭᠡᠬᠦ ᠶᠢ ᠢᠮᠠᠭᠲᠠ ᠪᠠᠷᠢᠮᠳᠠᠯᠠᠨ᠎ᠠ᠃ ᠲᠤᠭ ᠲᠡᠮᠳᠡᠭ | ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ | ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠠᠮ ᠤᠨ ᠤᠳᠤᠷᠢᠳᠤᠯᠭ᠎ᠠ ᠶᠢ ᠵᠠᠰᠠᠭ ᠤᠨ | ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠳᠡᠭᠡᠳᠦ ᠱᠠᠲᠤ ᠪᠠ ᠬᠤᠳᠠ ᠶᠢᠨ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠤᠱᠯᠠᠭᠤᠯᠤᠨ ᠬᠡᠷᠡᠭᠵᠢᠭᠦᠯᠬᠦ ᠴᠢᠬᠤᠯᠠᠲᠠᠢ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ᠂ ᠵᠠᠷᠯᠢᠭ ᠰᠣᠨᠣᠰᠤᠮᠠᠭᠴᠠ ᠬᠥᠳᠡᠯᠦᠯᠴᠡᠵᠦ᠂ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠶᠢ ᠡᠷᠡᠰ ᠪᠡᠶᠡᠯᠡᠬᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠳᠠᠯᠠᠨ᠎ᠠ᠃ ᠰᠢ ᠶᠢᠨ ᠫᠢᠩ ᠤᠨ ᠬᠠᠣᠯᠢ ᠪᠠᠷ | ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠣᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ | ᠲᠣᠭᠲᠠᠭᠠᠬᠤ ᠠᠯᠬᠤᠮ ᠶᠠᠪᠣᠴᠠ ᠶᠢ ᠬᠠᠤᠯᠢ ᠶᠣᠰᠣᠭᠠᠷ ᠭᠦᠢᠴᠡᠳᠬᠡᠵᠦ᠂ ᠤᠬᠠᠮᠰᠠᠷ ᠠᠴᠠ ᠪᠠᠨ ᠬᠠᠣᠯᠢ ᠪᠠᠷ ᠵᠠᠰᠠᠬᠤ | ᠰᠡᠳᠬᠢᠬᠦᠢ ᠪᠣᠯᠤᠨ ᠬᠠᠣᠯᠢ ᠪᠠᠷ ᠵᠠᠰᠠᠬᠤ ᠠᠷᠭ᠎ᠠ ᠬᠡᠯᠪᠡᠷᠢ ᠪᠠᠷ ᠠᠰᠠᠭᠤᠳᠠᠯ ᠢ ᠰᠢᠢᠳᠪᠦᠷᠢᠯᠡᠵᠦ᠂ ᠠᠵᠢᠯ ᠢᠶᠠᠨ | ᠠᠬᠢᠭᠤᠯᠣᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ᠂ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠲᠤᠰᠬᠠᠢ ᠬᠠᠷᠢᠭᠤᠴᠠᠯᠭ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ | ᠬᠢᠨᠠᠨ ᠪᠣᠳᠣᠯᠳᠠ ᠶᠢᠨ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭ᠎ᠠ ᠪᠣᠳᠠᠲᠠᠢ ᠠᠳᠬᠤᠵᠤ᠂ ᠨᠡᠶᠢᠭᠡᠮ | ᠪᠣᠯᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ | ᠰᠠᠨᠠᠯ ᠳᠤᠷᠠᠳᠤᠯᠭ᠎ᠠ ᠶᠢ ᠴᠢᠨᠠᠷ ᠰᠠᠶᠢᠳᠠᠢ ᠪᠠᠶᠠᠯᠡᠬᠦᠯᠦᠨ᠎ᠡ᠃ | ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠮᠣᠩᠭᠤᠯ | ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ ᠦᠢᠯᠡᠳᠦᠯᠭᠡᠵᠢᠭᠦᠯᠵᠦ᠂ ᠵᠣᠪᠠᠭᠤᠷᠢ ᠵᠦᠳᠡᠭᠦᠷᠢ ᠶᠢ | ᠲᠡᠰᠪᠦᠷᠢᠯᠡᠬᠦ᠂ ᠴᠤᠴᠠᠯᠲᠠ ᠦᠭᠡᠢ ᠤᠷᠤᠭᠰᠢᠯᠠᠬᠤ ᠣᠷᠮ᠎ᠠ ᠵᠣᠷᠢᠭ ᠪᠠ ᠡᠷᠴᠢ ᠬᠦᠴᠦ ᠪᠠᠨ ᠪᠠᠲᠤᠯᠠᠵᠤ᠂ ᠪᠠᠴᠢᠮ | ᠡᠭᠦᠷᠭᠡ ᠶᠢ ᠳᠠᠷᠦ᠋ᠢᠬᠠᠨ ᠬᠦᠢᠴᠡᠳᠬᠡᠨ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠤᠷᠳᠤ ᠬᠤᠭᠤᠴᠠᠭᠠᠨ ᠤ | ᠡᠭᠦᠷᠭᠡ ᠶᠢ ᠳᠤᠰᠤᠯ ᠤᠰᠤ ᠴᠢᠯᠠᠭᠤ ᠶᠢ ᠴᠣᠭᠤᠯᠬᠤ ᠶᠣᠰᠣ ᠪᠠᠷ ᠣᠳᠠᠭᠠᠨ ᠳᠠᠭᠠᠭᠠᠮᠠᠭᠠᠢ ᠪᠠᠶᠢᠯᠳᠣᠵᠦ᠂ ᠥᠨᠳᠥᠷ | ᠦᠷ᠎ᠡ ᠪᠦᠲᠦᠮᠵᠢ ᠪᠠᠷ ᠦᠨᠳᠣᠷ ᠶᠠᠰᠣ ᠴᠢᠨᠠᠷ ᠢ ᠪᠠᠳᠣᠯᠠᠵᠣ᠂ ᠲᠦᠷᠭᠡᠨ ᠠᠶᠢᠵᠢᠮ ᠢᠶᠠᠷ ᠲᠦᠷᠭᠡᠨ ᠬᠦᠭᠵᠢᠯᠳᠠ ᠶᠢ | ᠠᠬᠢᠭᠤᠯᠣᠨ᠎ᠠ᠃ ᠰᠡᠳᠬᠢᠨ ᠪᠣᠳᠣᠯᠬᠢᠯᠠᠬᠤ ᠶᠢ ᠴᠢᠬᠤᠯᠠᠴᠢᠯᠠᠵᠣ᠂ ᠰᠢᠯᠭᠠᠯᠲᠠ ᠶᠢᠨ ᠬᠠᠭᠤᠳᠠᠰᠤ ᠲᠤᠰᠢᠶᠠᠬᠤ | ᠤᠬᠠᠮᠰᠠᠷ ᠢᠶᠠᠨ ᠴᠢᠩᠭᠠᠳᠬᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠶ ᠪᠠᠷ ᠬᠦᠴᠢᠷ ᠢ | ᠳᠣᠭᠤᠯᠣᠨ᠂ ᠬᠡᠷᠡᠭ ᠶᠠᠪᠤᠳᠠᠯ ᠪᠣᠯᠭᠠᠨ ᠳᠤ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠬᠠᠮᠤᠭ ᠤᠨ ᠰᠠᠶᠢᠨ ᠦᠷ᠎ᠡ | ᠳ᠋ᠦᠩ ᠤᠯᠬᠤ ᠪᠠᠷ ᠴᠢᠷᠮᠠᠶᠢᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠶ ᠠᠵᠢᠯᠯᠠᠬᠤ ᠳᠤᠮᠳᠠ ᠬᠥᠭᠵᠢᠯᠲᠡ ᠶᠢᠨ | ᠰᠢᠨ᠎ᠡ ᠣᠷᠣᠨ ᠵᠠᠶ ᠶᠢ ᠴᠢᠷᠮᠠᠶᠢᠨ ᠴᠣᠭᠴᠠᠯᠠᠨ᠎ᠠ᠃ | ᠢᠮᠠᠭᠲᠠ ᠠᠷᠢᠭᠤᠨ ᠴᠢᠭᠴᠢ ᠪᠠᠶᠢᠬᠤ ᠶᠢ ᠪᠠᠷᠢᠮᠳᠠᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ | ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠵᠤ ᠰᠢᠨ᠎ᠡ ᠰᠤᠷᠲᠠᠯ ᠢ ᠪᠤᠢ | ᠪᠣᠯᠭᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠣᠯᠠᠨ | ᠨᠡᠶᠢᠲᠡ ᠶᠢᠨ ᠪᠡᠯᠡ ᠮᠥᠩᠭᠦ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠨᠡᠮᠡᠭᠳᠡᠭᠦᠯᠵᠦ᠂ ᠢᠯᠵᠠᠷᠠᠯ ᠢ ᠡᠬᠢ ᠡᠭᠦᠰᠦᠯ ᠠᠴᠠ ᠨᠢ ᠰᠡᠷᠭᠡᠶᠢᠯᠡᠨ᠎ᠡ᠃ ︽ᠡᠳ᠋ ᠤᠨ ᠵᠠᠰᠠᠭ ᠤᠨ ᠢᠷᠡᠯᠲᠡ ᠶᠢᠨ | ᠪᠦᠲᠦᠭᠡᠨ ᠪᠠᠶᠢᠭᠤᠯᠤᠯᠲᠠ ᠶᠢᠨ ᠣᠨ︾ ᠤ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠣᠷᠣᠯᠭ᠎ᠠ ᠶᠢᠨ | ᠢᠷᠡᠯᠲᠡ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠠᠷᠪᠢᠴᠢ | ᠠᠮᠢᠳᠣᠷᠠᠬᠤ︾ ᠦᠵᠡᠯ ᠰᠠᠨᠠᠭ᠎ᠠ ᠶᠢ ᠪᠠᠳᠣ ᠪᠠᠬᠢ ᠪᠣᠢ ᠪᠣᠯᠭᠠᠨ᠂ ᠡᠩ ᠤᠨ ᠴᠢᠨᠠᠷᠲᠠᠶ ᠵᠠᠷᠤᠯᠭ᠎ᠠ ᠶᠢ ᠶᠡᠭᠡ ᠬᠦᠴᠦᠨ | ᠢᠶᠠᠷ ᠪᠠᠭᠠᠰᠬᠠᠵᠣ᠂ ︽ᠰᠢᠨ᠎ᠡ ᠲᠦᠷᠢ ᠲᠦᠷᠬᠦ ᠶᠢᠨ ᠢᠨᠵᠧᠨᠧᠷᠢᠩ︾ ᠢ ᠡᠷᠡᠰ ᠬᠤᠷᠢᠭᠯᠠᠨ᠂ ︽ᠭᠤᠷᠪᠠᠨ | ᠠᠯᠪᠠᠨ ᠤ ᠵᠠᠷᠤᠳᠠᠯ︾ ᠤᠨ ᠵᠠᠷᠣᠯᠭ᠎ᠠ ᠶᠢ ᠴᠢᠩᠭ᠎ᠠ ᠬᠢᠵᠠᠭᠠᠷᠯᠠᠨ᠂ ᠪᠠᠯᠠ ᠮᠥᠩᠭᠦ ᠨᠢᠭᠡᠪᠦᠷᠢ ᠶᠢ ᠴᠥᠮ | ᠬᠥᠭᠵᠢᠯᠲᠡ ᠶᠢᠨ ᠴᠢᠬᠤᠯᠠ ᠭᠠᠵᠠᠷ᠂ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠲᠠᠢ ᠭᠠᠵᠠᠷ ᠬᠡᠷᠡᠭᠯᠡᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ | ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ᠂ ᠪᠣᠰᠣᠳ ᠪᠦᠬᠦᠶᠢᠯᠡ ᠠᠵᠢᠯ | ᠴᠥᠮ ᠡᠨᠡ ᠬᠦ ᠭᠤᠣᠯ ᠰᠢᠵᠢᠮ ᠤᠨ ᠳᠣᠭᠤᠷᠢᠨ ᠳᠤ ᠶᠠᠪᠣᠭᠳᠠᠵᠣ᠂ ᠥᠴᠦᠬᠡᠨ ᠴᠦ ᠵᠠᠶᠢᠳᠠᠵᠣ ᠪᠣᠯᠬᠤ ᠦᠬᠡᠢ᠃ | ᠬᠤᠲᠠ ᠶᠢᠨ ᠨᠠᠮ ᠤᠨ ᠬᠤᠷᠢᠶ᠎ᠠ ᠶᠢᠨ ︽︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠤᠨ ᠪᠠᠲᠤ ᠪᠠᠬᠢ ᠪᠤᠢ ᠪᠣᠯᠭᠠᠬᠤ ᠲᠤᠬᠠᠢ ᠠᠷᠭ᠎ᠠ | ᠬᠡᠮᠵᠢᠶ᠎ᠡ ᠨᠦᠭᠦᠳ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠥᠯ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠢᠯᠡ ᠲᠣᠳᠣ | ᠪᠦᠲᠦᠮᠵᠢᠲᠡᠢ ᠰᠠᠶᠢᠲᠤᠷ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠳᠠ ᠶᠢ ᠪᠠᠶᠢᠭᠤᠯᠬᠤ ᠪᠠᠷ ᠴᠢᠷᠮᠠᠶᠢᠨ᠎ᠠ᠃ | ᠠᠷᠠᠳ ᠲᠦᠮᠡᠨ ᠤ ᠬᠦᠰᠡᠯ ᠱᠠᠭᠠᠷᠳᠠᠯᠭ᠎ᠠ ᠪᠣᠯ ᠵᠠᠰᠠᠭ ᠤᠨ ᠣᠷᠳᠣᠨ ᠤ ᠡᠷᠬᠡᠪᠰᠢ ᠳᠣᠰᠬᠠᠬᠤ ᠴᠢᠬᠤᠯᠠᠳᠠᠢ | ᠵᠦᠢᠯ ᠪᠣᠯᠣᠨ᠎ᠠ᠃ ᠵᠠᠳᠠᠯᠤᠨ ᠰᠤᠳᠤᠯᠵᠤ ᠨᠤᠲᠠᠯᠠᠬᠤ ᠪᠠᠷ ᠳᠠᠮᠵᠢᠨ᠂ ᠪᠢᠳᠡ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ 6 ᠵᠢᠱᠢᠭᠳᠡᠬᠦ ᠲᠦᠷᠦᠯ ᠵᠦᠢᠯ ᠢ ᠰᠢᠯᠢᠨ ᠰᠣᠩᠭᠤᠵᠤ᠂ ᠲᠥᠯᠥᠭᠡᠯᠡᠭᠴᠢᠳ ᠲᠤ ᠬᠢᠨᠠᠨ | ᠵᠥᠪᠯᠡᠭᠦᠯᠬᠦ ᠪᠠᠷ ᠳᠡᠪᠰᠢᠭᠦᠯᠪᠡ᠃ ᠲᠦᠷᠦᠯ ᠵᠦᠢᠯ ᠢ ᠲᠣᠭᠲᠠᠭᠠᠭᠰᠠᠨ ᠤ ᠲᠠᠷᠠᠭ᠎ᠠ᠂ ᠵᠠᠰᠠᠭ ᠤᠨ ᠣᠷᠳᠣᠨ ᠠᠴᠠ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠳᠠᠲᠠᠢ ᠶᠠᠪᠤᠳᠠᠯ ᠢ ᠦᠨᠡᠨ ᠬᠦ | ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠢ ᠬᠢᠨ᠎ᠠ᠃ | ᠪᠣᠭᠤᠮᠲᠠ ᠶᠢᠨ ᠬᠦᠭᠵᠢᠨ ᠮᠠᠨᠳᠣᠯᠳᠠ ᠶᠢᠨ ᠴᠠᠭ ᠦᠶ᠎ᠡ ᠬᠦᠷᠦᠨ ᠢᠷᠡᠵᠣ᠂ ᠪᠣᠳᠠᠳᠠᠢ ᠪᠠᠷ ᠠᠵᠢᠯᠯᠠᠨ ᠭᠡᠭᠡᠨ | ᠰᠠᠷᠠᠭᠤᠯ ᠢᠷᠡᠭᠡᠳᠦᠢ ᠶᠢ ᠣᠭᠳᠣᠶ᠎ᠠ᠃ ᠲᠥᠯᠥᠭᠡᠯᠡᠭᠴᠢᠳ ᠡ᠂ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠢᠳᠡᠭᠡᠯ ᠵᠣᠷᠢᠭ ᠢᠶᠠᠨ ᠪᠠᠳᠣᠳᠬᠠᠨ᠂ ᠭᠠᠷ ᠬᠤᠯᠪᠣᠨ ᠰᠡᠳᠬᠢᠯ ᠢᠶᠠᠨ ᠨᠢᠭᠡᠳᠭᠡᠵᠣ᠂ | ᠴᠠᠭ ᠮᠦᠴᠡ ᠲᠠᠢ ᠣᠷᠣᠯᠳᠣᠨ ᠠᠵᠢᠯᠯᠠᠬᠤ ᠡᠷᠴᠢ ᠵᠣᠷᠢᠭ᠂ ᠣᠷᠳᠣ ᠬᠤᠭᠤᠴᠠᠭ᠎ᠠ ᠪᠠᠷ ᠴᠢᠷᠮᠠᠶᠢᠨ ᠠᠵᠢᠯᠯᠠᠬᠤ | ᠬᠠᠳᠠᠨ ᠵᠣᠷᠢᠭ ᠢᠶᠠᠷ᠂ ᠵᠣᠷᠢᠭᠰᠠᠨ ᠳᠤ ᠪᠠᠨ ᠬᠦᠷᠬᠦ ᠪᠠᠷ ᠰᠢᠷᠭᠠᠭᠤ ᠠᠵᠢᠯᠯᠠᠵᠣ᠂ ᠪᠣᠭᠤᠮᠳᠠ ᠶᠢᠨ ᠲᠡᠷᠢᠭᠦᠨ ᠤ ᠬᠢ | ᠶᠢ ᠳᠡᠮᠡᠴᠡᠨ ᠳᠡᠰ ᠵᠡᠷᠭᠡᠯᠡᠯ ᠢᠶᠠᠨ ᠳᠡᠪᠰᠢᠭᠦᠯᠬᠦ ᠪᠠ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠪᠠᠶᠢᠳᠠᠯ ᠢ ᠡᠭᠦᠳᠦᠨ | ᠴᠣᠭᠴᠠᠯᠠᠬᠤ ᠶᠢᠨ ᠲᠦᠯᠦᠭᠡ ᠴᠦᠬᠦᠷᠡᠰᠢ ᠦᠬᠡᠢ ᠴᠢᠷᠮᠠᠶᠢᠶ᠎ᠠ︕ | | ᠨᠡᠷᠡᠰ ᠤᠨ ᠲᠠᠶᠢᠯᠪᠤᠷᠢ | 1. ︽ᠲᠠᠪᠤ ᠶᠢ ᠲᠦᠢᠯᠪᠤᠷᠢᠲᠠᠢ ᠰᠢᠢᠳᠪᠦᠷᠢᠯᠡᠬᠦ︾᠄ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠵᠤ | ᠥᠷᠨᠢᠭᠦᠯᠦᠭᠰᠡᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ᠂ | ᠲᠤᠨᠤᠮᠠᠯ ᠪᠡᠯᠡ ᠮᠥᠩᠭᠦ᠂ ︽ᠬᠠᠭᠠᠰ ᠳᠤᠲᠠᠭᠤ ᠣᠷᠬᠢᠭᠰᠠᠨ︾ ᠪᠠᠷᠢᠯᠭ᠎ᠠ᠂ ᠨᠡᠭᠡᠭᠡᠯᠲᠡ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠵᠡᠷᠭᠡ ᠲᠠᠪᠤᠨ ᠲᠠᠯ᠎ᠠ ᠶᠢᠨ ᠲᠦᠢᠯᠪᠤᠷᠢᠲᠠᠢ ᠰᠢᠢᠳᠪᠦᠷᠢᠯᠡᠬᠦ ᠠᠵᠢᠯᠯᠠᠭᠠᠨ ᠢ ᠵᠢᠭᠠᠵᠤ ᠪᠣᠢ᠃ | | 2. ︽TIR︾᠄ ᠳᠠᠷᠣᠢ ︽ᠣᠯᠠᠨ ᠣᠯᠣᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠨᠡᠶᠢᠲᠡ ᠶᠢᠨ ᠭᠡᠷ᠎ᠡ︾᠂ | ᠪᠠᠷᠠᠭᠠᠨ ᠤ ᠴᠢᠩᠭᠡᠯᠢᠭ ᠢ ᠠᠴᠢᠶᠠᠯᠠᠨ ᠳᠡᠭᠡᠭᠡᠪᠣᠷᠢᠯᠡᠳᠡᠭ ᠵᠠᠰᠠᠮᠠᠯ ᠵᠠᠮ ᠤᠨ ᠳᠠᠭᠠᠴᠢᠯᠠᠨ ᠲᠡᠭᠡᠭᠡᠪᠦᠷᠢᠯᠡᠭᠴᠢ ᠬᠡᠷᠪᠡ | TIR ᠭᠠᠷ ᠳᠡᠪᠲᠡᠷ ᠲᠠᠢ ᠪᠣᠯ ᠪᠠᠷᠠᠭ᠎ᠠ ᠳᠡᠭᠡᠭᠡᠪᠣᠷᠢᠯᠡᠬᠦ ᠡᠬᠢᠨ ᠤ ᠴᠢᠭ ᠠᠴᠠ ᠡᠴᠦᠰ ᠤᠨ ᠴᠢᠭ ᠬᠦᠷᠲᠡᠯ᠎ᠡ᠂ | ᠭᠠᠶᠢᠯᠢ ᠶᠢᠨ ᠪᠣᠭᠤᠮᠲᠠ ᠶᠢᠨ ᠪᠢᠳᠡᠬᠦᠮᠵᠢ ᠶᠢᠨ ᠳᠡᠮᠳᠡᠭ ᠪᠠᠶᠢᠪᠠᠯ᠂ ᠵᠠᠮ ᠳᠣᠷᠰᠢ ᠪᠠᠶᠢᠴᠠᠭᠠᠯᠲᠠ ᠶᠢ ᠳᠠᠮᠵᠢᠬᠤ | ᠦᠭᠡᠢ᠂ ᠭᠠᠶᠢᠯᠢ ᠲᠠᠲᠠᠪᠤᠷᠢ ᠲᠥᠯᠥᠬᠦ ᠦᠭᠡᠶ᠂ ᠪᠠᠰᠠ ᠪᠠᠷᠢᠴᠠᠭᠠᠨ ᠤ ᠮᠦᠩᠬᠦ ᠳᠦᠯᠦᠬᠦ ᠦᠭᠡᠢ ᠪᠠᠶᠢᠵᠦ ᠪᠣᠯᠤᠨ᠎ᠠ᠃ | | 3. ︽ᠲᠠᠪᠤᠨ ᠡᠷᠬᠡᠪᠰᠢ︾᠄ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠴᠠᠭ ᠦᠶ᠎ᠡ ᠶᠢᠨ ᠬᠠᠲᠠᠭᠤ ᠶᠣᠰᠣ | ᠪᠣᠯᠭᠠᠨ᠎ᠠ︔ ᠡᠷᠬᠡᠪᠰᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠ ᠪᠦᠲᠦᠮᠵᠢᠲᠡᠢ ᠬᠡᠷᠡᠭᠴᠡᠭᠡ ᠶᠢ ᠬᠦᠴᠦᠯᠡᠨ ᠥᠷᠭᠡᠳᠬᠡᠬᠦ ᠶᠢ ᠪᠠᠷᠢᠮᠳᠠᠯᠠᠨ᠎ᠠ︔ ᠡᠷᠬᠡᠪᠰᠢ | ᠥᠭᠡᠷᠡᠴᠢᠯᠡᠯᠲᠡ ᠨᠡᠬᠡᠬᠡᠯᠳᠡ ᠳᠤ ᠲᠦᠰᠢᠭᠯᠡᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠷᠠᠭᠤᠯᠬᠤ ᠶᠢ ᠪᠠᠷᠢᠮᠳᠠᠯᠠᠨ᠎ᠠ︔ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠠ ᠥᠨᠳᠥᠷ ᠬᠢᠷᠢ ᠲᠦᠪᠰᠢᠨ | ᠪᠦᠬᠦᠢ ᠠᠮᠤᠷ ᠲᠦᠪᠰᠢᠨ ᠤ ᠰᠢᠯᠢᠳᠡᠭ ᠰᠠᠶᠢᠨ ᠬᠠᠷᠢᠯᠴᠠᠨ ᠦᠢᠯᠡᠳᠦᠯᠴᠡᠯ ᠢ ᠪᠠᠷᠢᠮᠳᠠᠯᠠᠨ᠎ᠠ︔ ᠡᠷᠬᠡᠪᠰᠢ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠶᠡᠭᠡ ᠤᠯᠤᠰ ᠲᠦᠷᠦ ᠪᠣᠯᠭᠠᠨ᠎ᠠ᠃ | 4. ︽ᠶᠢᠰᠦᠨ ᠭᠤᠣᠯᠳᠠᠯᠭ᠎ᠠ ᠲᠠᠢ ᠡᠭᠦᠷᠭᠡ︾᠄ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠤᠯᠤᠰ ᠤᠨ | ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠦᠷᠭᠦᠯᠵᠢᠯᠡᠨ ᠪᠦᠲᠦᠮᠵᠢᠲᠡᠶ | ᠰᠡᠷᠭᠡᠶᠢᠯᠡᠨ ᠠᠷᠢᠯᠭᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠢ | ᠴᠥᠬᠦᠷᠡᠰᠢ ᠦᠭᠡᠢ ᠰᠠᠶᠢᠲᠤᠷ ᠠᠳᠬᠤᠵᠤ᠂ ᠬᠤᠳᠠ ᠬᠥᠳᠡᠭᠡ ᠶᠢᠨ ᠠᠭᠤᠰᠤᠯᠴᠠᠯ᠂ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠪᠣᠬᠢᠷᠲᠤᠯ | ᠦᠭᠡᠢ ᠳᠣᠣᠷ᠎ᠠ ᠨᠡᠬᠦᠷᠡᠰᠦᠳᠦ᠋ᠷᠦᠭᠴᠢᠳᠦ ᠬᠥᠭᠵᠢᠯᠲᠡ ᠶᠢ ᠭᠦᠨᠵᠡᠭᠡᠢ ᠠᠬᠢᠭᠤᠯᠵᠤ᠂ ᠠᠷᠠᠳ ᠤᠨ ᠠᠮᠢᠳᠤᠷᠠᠯ ᠢ | ᠦᠨᠡᠨᠬᠦ ᠪᠠᠲᠤᠯᠠᠨ ᠰᠠᠶᠢᠵᠢᠷᠠᠭᠤᠯᠤᠨ᠎ᠠ᠃ | 5᠂ ︽ᠨᠢᠭᠡ ᠭᠤᠣᠯ ᠱᠤᠭᠤᠮ︾᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠠᠵᠢᠯ ᠤᠨ ᠪᠦᠬᠦ ᠲᠠᠯ᠎ᠠ ᠳᠤ ᠳᠣᠣᠱᠯᠠᠭᠤᠯᠣᠨ᠎ᠠ᠃ | 6᠂ ︽ᠵᠢᠷᠭᠤᠭᠠᠨ ᠢᠨᠵᠧᠨᠧᠷᠢᠩ︾᠄ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠴᠠᠬᠢᠯᠭᠠᠨ ᠭᠡᠷᠡᠯ ᠤᠨ ᠡᠨᠧᠷᠬᠢ ᠶᠢ ᠨᠢᠭᠡ | ᠴᠣᠭᠴᠠᠵᠢᠭᠤᠯᠣᠭᠰᠠᠨ ᠢᠨᠵᠧᠨᠧᠷᠢᠩ᠂ ᠳᠣᠯᠠᠭᠠᠯᠠᠭ᠎ᠠ ᠶᠢᠨ ᠢᠨᠵᠧᠨᠧᠷᠢᠩ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠮᠡᠷᠭᠡᠵᠢᠯ ᠤᠨ ︽ᠰᠢᠪᠳᠣᠯᠣᠯᠳᠠ︾ ᠶᠢᠨ ᠢᠨᠵᠧᠨᠧᠷᠢᠩ᠂ | ᠴᠢᠯᠥᠭᠡᠲᠦ ᠬᠤᠳᠠᠯᠳᠣᠭᠠᠨ ᠤ ᠳᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ᠃ | 7᠂ ︽ᠲᠠᠪᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾᠄ ᠨᠡᠭᠡᠭᠡᠯᠲᠡ ᠬᠢᠬᠦ ᠴᠢᠳᠠᠮᠵᠢ ᠶᠢ ᠳᠡᠰ ᠳᠡᠪᠰᠢᠬᠦᠯᠬᠦ | ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠵᠤ ᠦᠢᠯᠡᠰ ᠢ ᠬᠦᠴᠦᠷᠬᠡᠭᠵᠢᠭᠦᠯᠦᠨ ᠲᠡᠰ ᠳᠡᠪᠰᠢᠭᠦᠯᠬᠦ ᠪᠣᠭᠤᠮᠲᠠ | ᠰᠢᠪᠲᠤᠯᠬᠤ ᠳᠠᠶᠢᠯᠠᠯᠳᠤᠭᠠᠨ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ | ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠣᠭᠤᠮᠲᠠ ᠰᠢᠪᠲᠤᠯᠬᠤ | ᠳᠠᠶᠢᠯᠠᠯᠳᠤᠭᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠃ | 8. ︽ᠬᠤᠶᠠᠷ ᠵᠢᠷᠤᠭ ᠬᠤᠶᠠᠷ ᠬᠦᠮᠦᠷᠭᠡ ᠬᠤᠶᠠᠷ ᠬᠦᠰᠦᠨᠦᠭᠳᠦ ᠬᠤᠶᠠᠷ ᠵᠠᠳᠠᠯᠤᠯᠲᠠ︾᠄ ︽ᠬᠤᠶᠠᠷ ᠵᠢᠷᠤᠭ︾ | ᠭᠡᠳᠡᠭ ᠨᠢ ᠠᠵᠤ ᠦᠢᠯᠡᠰ ᠤᠨ ᠬᠡᠯᠬᠢᠶᠡᠨ ᠤ ᠪᠦᠬᠦ ᠴᠤᠪᠤᠷᠠᠯ ᠤᠨ ᠵᠢᠷᠤᠭ᠂ ᠬᠤᠳᠠᠯᠳᠤᠭᠠᠴᠢᠨ ᠤᠷᠢᠬᠤ ᠠᠵᠢᠯ ᠤᠨ | ᠠᠯᠤᠰ ᠤᠨ ᠳᠦᠷᠰᠦ ᠶᠢᠨ ᠵᠢᠷᠤᠭ ᠪᠣᠯᠣᠨ᠎ᠠ︔ ︽ᠬᠤᠶᠠᠷ ᠬᠦᠰᠦᠨᠦᠭᠲᠦ︾ ᠭᠡᠳᠡᠭ ᠨᠢ ᠭᠤᠣᠯᠳᠠᠯᠭ᠎ᠠ ᠲᠠᠢ ᠠᠵᠤ | ᠠᠬᠤᠶᠢᠯᠠᠯ ᠤᠨ ᠵᠢᠭᠰᠠᠭᠠᠯᠲᠠ ᠶᠢᠨ ᠬᠦᠰᠦᠨᠦᠭᠲᠦ᠂ ᠲᠥᠬᠦᠷ ᠠᠵᠤ ᠠᠬᠤᠶᠢᠯᠠᠯ ᠤᠨ ᠵᠢᠭᠰᠠᠭᠠᠯᠲᠠ ᠶᠢᠨ ᠬᠦᠰᠦᠨᠦᠭᠲᠦ | ᠪᠣᠯᠣᠨ᠎ᠠ᠃ ︽ᠬᠤᠶᠠᠷ ᠬᠥᠮᠥᠷᠭᠡ︾ ᠭᠡᠳᠡᠭ ᠨᠢ ᠠᠵᠤ ᠦᠢᠯᠡᠰ ᠤᠨ ᠬᠡᠯᠬᠢᠶᠡᠨ ᠤ ᠭᠤᠣᠯᠳᠠᠯᠭ᠎ᠠ ᠲᠠᠢ ᠲᠥᠷᠥᠯ | ᠵᠦᠢᠯ ᠤᠨ ᠬᠥᠮᠥᠷᠭᠡ᠂ ᠬᠤᠯᠪᠣᠭᠳᠠᠬᠤ ᠬᠡᠷᠡᠭᠯᠡᠭᠴᠢ ᠶᠢᠨ ᠬᠥᠮᠥᠷᠭᠡ ᠪᠣᠯᠣᠨ᠎ᠠ︔ ︽ᠬᠤᠶᠠᠷ ᠵᠠᠳᠠᠯᠤᠯᠲᠠ︾ | ᠭᠡᠳᠡᠭ ᠨᠢ ᠳᠠᠷᠤᠶ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠵᠣᠬᠢᠴᠠᠬᠤ ᠴᠢᠨᠠᠷᠲᠠᠶ ᠵᠠᠳᠠᠯᠤᠯᠲᠠ᠂ ᠲᠥᠷᠥᠯ | ᠵᠦᠢᠯ ᠤᠨ ᠥᠷᠢᠰᠥᠯᠳᠦᠭᠡᠨ ᠤ ᠬᠠᠷᠢᠴᠠᠯ ᠤᠨ ᠴᠢᠨᠠᠷᠲᠠᠶ ᠵᠠᠳᠠᠯᠤᠯᠲᠠ ᠬᠢᠬᠦ ᠶᠢ ᠵᠢᠭᠠᠨ᠎ᠠ᠃ | 9᠂ ︽ᠭᠠᠶᠢᠯᠢ ᠶᠢ ᠬᠤᠷᠢᠶᠠᠩᠭᠤᠶᠢᠯᠠᠨ ᠲᠠᠲᠠᠪᠤᠷᠢᠯᠠᠬᠤ + ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾᠄ ︽ | ᠭᠠᠶᠢᠯᠢ ᠶᠢ ᠬᠤᠷᠢᠶᠠᠩᠭᠤᠶᠢᠯᠠᠨ ᠲᠠᠲᠠᠪᠤᠷᠢᠯᠠᠬᠤ︾ ᠪᠣᠯ ᠭᠠᠶᠢᠯᠢ ᠶᠢᠨ ᠪᠣᠭᠤᠮᠲᠠ ᠶᠢᠨ ᠶᠡᠷᠦᠩᠬᠡᠶ ᠵᠠᠬᠢᠷᠭ᠎ᠠ ᠶᠢᠨ | ᠠᠷᠠᠯᠵᠢᠶᠠᠨ ᠤ ᠳᠥᠭᠦᠮᠴᠢᠯᠡᠯᠲᠡ ᠶᠢ ᠠᠬᠢᠭᠤᠯᠬᠤ᠂ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ | ᠪᠠᠭᠤᠷᠠᠭᠤᠯᠬᠤ ᠳᠤ ᠭᠠᠷᠭᠠᠭᠰᠠᠨ ᠨᠢᠭᠡ ᠵᠦᠢᠯ ᠤᠨ ᠰᠢᠨ᠎ᠡ ᠬᠡᠯᠪᠡᠷᠢ ᠶᠢᠨ ᠡᠷᠴᠢᠮᠵᠢᠭᠦᠯᠦᠭᠰᠡᠨ ᠭᠠᠶᠢᠯᠢ ᠲᠠᠲᠠᠪᠤᠷᠢᠯᠠᠬᠤ | ᠵᠠᠭᠪᠤᠷ ᠮᠥᠨ᠂ ᠳᠥᠭᠦᠮᠬᠡᠨ ᠢᠶᠠᠷ ᠠᠪᠴᠤ ᠬᠡᠯᠡᠪᠡᠯ ᠳᠠᠷᠤᠶ ︽ᠤᠷᠢᠳᠠᠪᠠᠷ ᠲᠠᠯᠪᠢᠵᠤ ᠳᠠᠷᠠᠭ᠎ᠠ ᠨᠢ ᠭᠠᠶᠢᠯᠢ | ᠬᠤᠷᠢᠶᠠᠵᠤ᠂ ᠬᠤᠷᠢᠶᠠᠩᠭᠤᠶᠢᠯᠠᠨ ᠭᠠᠶᠢᠯᠢ ᠲᠤᠰᠢᠶᠠᠬᠤ︾ ᠶᠠᠪᠤᠳᠠᠯ ᠪᠣᠯᠤᠨ᠎ᠠ᠃ ᠣᠳᠣ ᠶᠢᠨ ᠬᠡᠷᠡᠭᠵᠢᠭᠦᠯᠵᠦ | ᠪᠠᠶᠢᠭ᠎ᠠ ᠪᠠᠷᠢᠮᠳᠠ ᠳᠠᠷᠠᠭᠠᠯᠠᠨ ᠭᠠᠶᠢᠯᠢ ᠲᠠᠲᠠᠪᠤᠷᠢᠯᠠᠬᠤ ᠵᠠᠭᠪᠤᠷ ᠲᠠᠢ ᠠᠳᠠᠯᠢ ᠦᠭᠡᠶ᠂ ᠪᠣᠭᠤᠮᠲᠠ ᠶᠢᠨ ᠨᠥᠬᠦᠴᠡᠯ ᠳᠤ | ᠨᠡᠶᠢᠴᠡᠬᠦ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠠᠶᠢᠯᠢ ᠲᠤᠰᠢᠶᠠᠬᠤ ᠡᠭᠦᠷᠭᠡᠳᠡᠨ ᠵᠣᠬᠢᠬᠤ | ᠬᠤᠭᠤᠴᠠᠭᠠᠨ ᠳᠣᠲᠣᠷ᠎ᠠ ᠣᠯᠠᠨ ᠤᠳᠠᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ | ᠲᠤᠰᠢᠶᠠᠪᠠᠰᠤ ᠵᠣᠬᠢᠬᠤ ᠭᠠᠶᠢᠯᠢ ᠶᠢᠨ ᠵᠣᠭᠤᠰ ᠲᠤ ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ ᠶᠢ ᠬᠡᠷᠡᠭᠵᠢᠭᠦᠯᠦᠨ᠎ᠡ᠃ | ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠪᠣᠯ ᠭᠠᠶᠢᠯᠢ ᠶᠢᠨ ᠪᠣᠭᠤᠮᠲᠠ ᠶᠢᠨ ᠶᠡᠷᠦᠩᠬᠡᠶ ᠵᠠᠬᠢᠷᠭ᠎ᠠ | ᠠᠴᠠ ᠣᠯᠠᠨ ᠤᠯᠤᠰ ᠤᠨ ᠠᠷᠠᠯᠵᠢᠶᠠᠨ ᠤ ᠣᠨᠴᠠᠯᠢᠭ ᠪᠠ ᠠᠮᠤᠷ ᠲᠦᠪᠰᠢᠨ ᠤ ᠲᠥᠬᠦᠮ ᠦᠵᠡᠭᠦᠯᠬᠦ ᠬᠡᠷᠡᠭᠴᠡᠭᠡ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠪᠣᠭᠤᠮᠲᠠ ᠪᠠᠷ ᠥᠩᠭᠡᠷᠡᠬᠦ ᠨᠢᠭᠡ ᠵᠦᠢᠯ ᠤᠨ ᠴᠢᠬᠤᠯᠠ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠤᠨ᠎ᠠ᠃ ᠡᠶᠢᠮᠦᠷᠬᠦᠦ ᠵᠠᠭᠪᠤᠷ ᠳᠣᠣᠷ᠎ᠠ᠂ ᠠᠵᠤ ᠠᠬᠤᠶᠢᠯᠠᠯ ᠨᠢ ᠪᠦᠬᠦ | ᠮᠡᠳᠡᠭᠦᠯᠦᠭᠰᠡᠨ ᠮᠡᠳᠡᠭᠡ ᠵᠠᠩᠭᠢ ᠵᠢᠴᠢ ᠪᠢᠴᠢᠭ ᠪᠠᠷᠢᠮᠲᠠ ᠪᠠᠨ ᠨᠢᠭᠡ ᠯᠡ ᠤᠳᠠᠭ᠎ᠠ ᠳᠤ ᠲᠤᠰᠢᠶᠠᠬᠤ ᠴᠢᠬᠤᠯᠠ | ᠦᠭᠡᠢ᠂ ᠨᠢᠭᠡᠳᠦᠭᠡᠷ ᠠᠯᠬᠤᠮ ᠳᠤ ᠪᠠᠷᠠᠭ᠎ᠠ ᠭᠠᠷᠭᠠᠵᠤ ᠠᠪᠬᠤ ᠬᠠᠭᠤᠳᠠᠰᠤ ᠶᠢ ᠲᠦᠢᠮᠣᠴᠢᠯᠠᠨ ᠮᠡᠳᠡᠭᠦᠯᠪᠡᠯ ᠳᠠᠷᠤᠶ | ᠪᠠᠷᠠᠭ᠎ᠠ ᠭᠠᠷᠭᠠᠵᠤ ᠠᠪᠴᠤ ᠪᠣᠯᠤᠨ᠎ᠠ ︵ᠬᠠᠤᠯᠢ ᠴᠠᠭᠠᠵᠠ᠂ ᠬᠢᠨᠠᠨ ᠬᠠᠮᠢᠶᠠᠷᠬᠤ ᠭᠠᠷ ᠭᠦᠢᠴᠡᠳᠬᠡᠯ ᠤᠨ | ᠬᠡᠷᠡᠭᠴᠡᠭᠡ ᠶᠢ ᠬᠠᠩᠭᠠᠨ᠎ᠠ︶᠂ ᠬᠤᠶᠠᠳᠤᠭᠠᠷ ᠠᠯᠬᠤᠮ ᠳᠤ ᠲᠣᠭᠲᠠᠭᠰᠠᠨ ᠬᠤᠭᠤᠴᠠᠭᠠᠨ ᠳᠣᠲᠣᠷ᠎ᠠ ᠭᠤᠶᠤᠴᠢᠯᠠᠨ | ᠮᠡᠳᠡᠭᠦᠯᠵᠦ ᠪᠣᠯᠤᠨ᠎ᠠ᠃ | 10. ︽ᠳᠠᠪᠤ ᠠᠴᠠ ᠳᠡᠭᠡᠭᠰᠢᠬᠢ ᠠᠵᠤ ᠠᠬᠤᠶᠢᠯᠠᠯ︾᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ᠂ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠠᠤᠯᠢ ᠶᠢᠨ ᠡᠷᠬᠡᠲᠡᠨ ᠤ ᠨᠢᠭᠡᠴᠡ᠂ ᠬᠢᠷᠢ | ᠬᠡᠮ ᠲᠠᠢ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠯᠲᠡ ᠶᠢᠨ ᠦᠢᠯᠡᠰ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ | ᠪᠣᠯᠣᠨ ᠪᠠᠭᠤᠳᠠᠯ ᠢᠳᠡᠭᠡᠨ ᠤᠮᠳᠠᠭᠠᠨ ᠤ ᠦᠢᠯᠡᠰ᠃ | 11 ︽ᠡᠭᠦᠰᠭᠡᠭᠴᠢ ᠲᠣᠣᠷ ᠳᠠᠭᠠᠭᠠᠴᠠ ᠨᠦᠬᠡᠴᠡ︾᠄ ︽ᠴᠠᠬᠢᠯᠭᠠᠨ ᠡᠭᠦᠰᠭᠡᠭᠴᠢ᠂ ᠴᠠᠬᠢᠯᠭᠠᠨ ᠲᠣᠣᠷ᠂ | ᠳᠠᠭᠠᠭᠠᠴᠠ᠂ ᠡᠨᠧᠷᠭᠢ ᠨᠦᠬᠡᠴᠡᠯᠡᠬᠦ︾ ᠪᠠᠷ ᠪᠦᠬᠦᠯᠢ ᠴᠣᠭᠴᠠ ᠶᠢᠨ ᠲᠥᠯᠥᠪᠵᠢᠭᠦᠯᠭᠡ ᠪᠣᠯᠭᠠᠭᠰᠠᠨ ᠰᠢᠨ᠎ᠡ | ᠬᠡᠯᠪᠡᠷᠢ ᠶᠢᠨ ᠴᠠᠬᠢᠯᠭᠠᠨ ᠬᠦᠴᠦᠨ ᠤ ᠠᠵᠢᠯᠯᠠᠭᠠᠨ ᠤ ᠵᠠᠭᠪᠤᠷ ᠪᠣᠯᠤᠨ᠎ᠠ᠃ ᠡᠭᠦᠰᠬᠡᠭᠴᠢ ᠳᠣᠣᠷ ᠳᠠᠭᠠᠭᠠᠴᠠ | ᠨᠥᠭᠡᠴᠡ ᠨᠢ ᠨᠡᠶᠢᠭᠡᠮ ᠤᠨ ᠴᠠᠬᠢᠯᠭᠠᠨ ᠬᠦᠴᠦᠨ ᠤ ᠰᠢᠰᠲ᠋ᠧᠮ ᠳᠠᠬᠢ ᠴᠠᠬᠢᠯᠭᠠᠨ ᠬᠡᠷᠡᠭᠯᠡᠬᠦ ᠳᠠᠭᠠᠭᠠᠴᠠ ᠪᠠ ᠡᠨᠧᠷᠭᠢ | ᠨᠦᠬᠡᠴᠡᠯᠡᠬᠦ ᠡᠬᠢ ᠪᠠᠶᠠᠯᠢᠭ ᠢ ᠣᠨᠣᠪᠴᠢᠲᠠᠶ ᠡᠵᠡᠮᠳᠡᠵᠦ᠂ ᠴᠠᠬᠢᠯᠭᠠᠨ ᠬᠦᠴᠦᠨ ᠤ ᠰᠢᠰᠲ᠋ᠧᠮ ᠤᠨ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶᠡᠨ ᠤ ᠡᠵᠡᠯᠡᠬᠦ ᠬᠠᠷᠢᠴᠠᠯ ᠳᠡᠭᠡᠭᠰᠢᠯᠡᠭᠰᠡᠨ ᠠᠴᠠ ᠪᠣᠯᠤᠭᠰᠠᠨ | ᠰᠢᠰᠲ᠋ᠧᠮ ᠤᠨ ᠬᠡᠯᠪᠡᠯᠵᠡᠯ ᠢ ᠪᠦᠲᠦᠮᠵᠢᠲᠡᠶ ᠰᠢᠢᠳᠪᠦᠷᠢᠯᠡᠵᠦ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ | ᠬᠡᠮᠵᠢᠶ᠎ᠡ ᠶᠢ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠠᠬᠢᠯᠭᠠᠨ ᠲᠣᠤᠷ ᠤᠨ ᠠᠶᠤᠯᠭᠦᠶ ᠠᠵᠢᠯᠯᠠᠭᠠᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | 12᠂ ︽ᠭᠤᠷᠪᠠᠨ ᠱᠤᠭᠤᠮ ᠨᠢᠭᠡ ᠳᠠᠩᠰᠠ︾᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ | ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠣ | ᠱᠣᠭᠤᠮ ᠪᠠ ᠠᠮᠢ ᠠᠬᠤᠶ ᠶᠢᠨ ᠣᠷᠴᠢᠨ ᠲᠣᠭᠤᠷᠢᠨ ᠤ ᠵᠦᠪᠰᠢᠶᠡᠷᠡᠯ ᠣᠯᠭᠤᠬᠤ ᠨᠠᠷᠢᠨ ᠲᠠᠩᠰᠠ ᠶᠢ ᠵᠢᠭᠠᠵᠤ | ᠪᠠᠶᠢᠨ᠎ᠠ᠂ ᠡᠨᠡ ᠨᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠠᠬᠢᠭᠤᠯᠬᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠣᠷᠴᠢᠨ ᠲᠣᠭᠤᠷᠢᠨ ᠤ | ᠬᠠᠮᠢᠶᠠᠷᠤᠯᠲᠠ ᠡᠵᠡᠮᠳᠡᠯ ᠢ ᠴᠢᠩᠭᠠᠳᠬᠠᠬᠤ᠂ ᠪᠣᠬᠢᠷᠲᠤᠯ ᠥᠬᠡᠶ ᠬᠥᠭᠵᠢᠯᠲᠡ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠨᠢᠭᠡ ᠵᠦᠢᠯ ᠤᠨ ᠴᠢᠬᠤᠯᠠ ᠠᠵᠢᠯ ᠪᠣᠯᠤᠨ᠎ᠠ᠃ | 13 ︽EOD ᠵᠠᠭᠪᠤᠷ︾᠄ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠶᠢᠯᠡᠭᠦᠯᠦᠨ ᠨᠡᠭᠡᠭᠡᠨ | ᠬᠥᠭᠵᠢᠭᠦᠯᠬᠦ᠂ ᠬᠤᠯᠪᠣᠭᠠᠯᠠᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠲᠡ ᠶᠢᠨ ᠠᠰᠠᠷᠠᠮᠵᠢ ᠶᠢᠨ | ᠴᠢᠨᠠᠷ ᠢᠶᠠᠷ ᠨᠡᠯᠢᠶᠡᠳ ᠴᠢᠩᠭ᠎ᠠ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠠᠰᠢᠭ ᠣᠷᠣᠯᠭ᠎ᠠ ᠨᠢ | ᠨᠡᠯᠢᠶᠡᠳ ᠰᠠᠶᠢᠨ ᠬᠤᠯᠪᠣᠭᠳᠠᠬᠤ ᠠᠵᠤ ᠦᠢᠯᠡᠰ ᠲᠠᠢ ᠪᠦᠲᠦᠮᠵᠢᠲᠡᠶ ᠠᠭᠤᠰᠣᠯᠴᠠᠭᠤᠯᠬᠤ᠂ ᠥᠷᠲᠡᠭ ᠨᠡᠮᠡᠭᠳᠡᠭᠦᠯᠦᠨ | ᠬᠠᠷᠢᠭᠤ ᠦᠭᠭᠦ᠂ ᠨᠢᠭᠡᠳᠦᠯᠲᠡᠶ ᠲᠦᠯᠦᠪᠯᠡᠨ ᠠᠬᠢᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ᠂ ᠨᠢᠭᠡ | ᠴᠣᠭᠴᠠᠵᠢᠭᠤᠯᠤᠨ ᠬᠡᠷᠡᠭᠵᠢᠭᠦᠯᠬᠦ᠂ ᠦᠷᠭᠦᠯᠵᠢᠯᠡᠬᠦᠶᠢᠴᠡ ᠡᠵᠡᠩᠨᠡᠯᠳᠡ ᠬᠢᠬᠦ ᠶᠢ ᠠᠬᠢᠭᠤᠯᠵᠤ᠂ ᠠᠮᠢ ᠠᠬᠤᠶ ᠶᠢᠨ | ᠣᠷᠴᠢᠨ ᠲᠣᠭᠤᠷᠢᠨ ᠤ ᠵᠠᠰᠠᠯᠲᠠ ᠪᠠᠷ ᠬᠤᠯᠪᠣᠭᠳᠠᠬᠤ ᠠᠵᠤ ᠦᠢᠯᠡᠰ ᠤᠨ ᠡᠵᠡᠩᠨᠡᠯᠲᠡ ᠶᠢᠨ ᠠᠰᠢᠭ ᠣᠯᠵᠠᠪᠤᠷᠢ ᠶᠢ | ᠳᠡᠭᠡᠭᠰᠢᠯᠡᠭᠦᠯᠵᠦ᠂ ᠠᠵᠤ ᠦᠢᠯᠡᠰ ᠤᠨ ᠥᠷᠲᠡᠭ ᠤᠨ ᠨᠡᠮᠡᠭᠳᠡᠯ ᠠᠰᠢᠭ ᠣᠯᠵᠠᠪᠤᠷᠢ ᠪᠠᠷ ᠠᠮᠢ ᠠᠬᠤᠶ ᠶᠢᠨ ᠣᠷᠴᠢᠨ | ᠲᠣᠭᠤᠷᠢᠨ ᠤ ᠵᠠᠰᠠᠯᠲᠠ ᠳᠤ ᠬᠠᠷᠢᠭᠤ ᠪᠡᠯᠡ ᠣᠷᠣᠭᠤᠯᠤᠯᠲᠠ ᠬᠢᠯᠭᠡᠵᠣ᠂ ᠠᠮᠢ ᠠᠬᠤᠶ ᠶᠢᠨ ᠣᠷᠴᠢᠨ ᠲᠣᠭᠤᠷᠢᠨ ᠤ | ᠵᠠᠰᠠᠯᠲᠠ ᠶᠢ ᠭᠠᠳᠠᠭᠠᠳᠤ ᠠᠵᠤ ᠠᠬᠤᠶ ᠶᠢᠨ ᠴᠢᠨᠠᠷᠲᠠᠶ ᠪᠠᠶᠢᠭᠰᠠᠨ ᠠᠴᠠ ᠳᠣᠳᠣᠭᠠᠳᠣ ᠳᠤ ᠪᠠᠨ ᠰᠢᠢᠳᠪᠦᠷᠢᠯᠡᠬᠦ | ᠪᠣᠯᠭᠠᠬᠤ ᠰᠢᠨ᠎ᠡ ᠶᠢ ᠡᠭᠦᠳᠬᠦ ᠬᠡᠯᠪᠡᠷᠢ ᠶᠢᠨ ᠲᠥᠷᠥᠯ ᠵᠦᠢᠯ ᠢ ᠵᠣᠬᠢᠶᠠᠨ ᠪᠠᠶᠢᠭᠤᠯᠵᠣ ᠬᠡᠷᠡᠭᠵᠢᠭᠦᠯᠬᠦ ᠠᠷᠭ᠎ᠠ | ᠮᠠᠶ᠋ᠢᠭ ᠢ ᠪᠡᠶᠡᠯᠡᠭᠦᠯᠦᠨ᠎ᠡ᠃ | 14᠂ ︽ᠳᠥᠷᠪᠡᠨ ᠬᠠᠮᠤᠭ ᠤᠨ ᠴᠢᠩᠭ᠎ᠠ︾᠄ ᠢᠳᠡᠭᠡᠨ ᠡᠮ ᠤᠨ ᠵᠦᠢᠯ ᠤᠨ ᠠᠮᠣᠷ ᠲᠦᠪᠰᠢᠨ ᠤ | ᠬᠦᠷᠢᠶᠡᠨ ᠳᠠᠬᠢ ᠬᠢᠨᠠᠯᠳᠠ ᠬᠠᠮᠢᠶᠠᠷᠣᠯᠳᠠ ᠶᠢᠨ ᠪᠣᠳᠣᠯᠭ᠎ᠠ ᠶᠢ ᠵᠢᠭᠠᠵᠣ ᠪᠠᠶᠢᠨ᠎ᠠ᠂ ᠳᠠᠷᠣᠢ ᠬᠠᠮᠤᠭ ᠤᠨ ᠴᠢᠩᠭ᠎ᠠ | ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ | ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠣᠯᠣᠨ᠎ᠠ᠃ | |