ᠰᠢ ᠶᠢᠨ ᠫᠢᠩ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/1/18
   ᠵᠤᠤ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠵᠤ ᠼᠠᠢ ᠴᠢ ᠬᠤᠷᠠᠯ ᠢ ᠡᠷᠬᠢᠯᠡᠵᠡᠢ    ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠬᠢᠯᠭᠠᠨ ᠮᠡᠳᠡᠭᠡ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ 16 ᠤ ᠡᠳᠦᠷ ᠤᠨ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠨᠢ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠳᠠᠭ ᠪᠥᠭᠡᠳ ᠨᠡᠩ ᠴᠦ ᠮᠠᠨ ᠤ ᠤᠯᠤᠰ ᠤᠨ ᠪᠠᠶᠢᠳᠠᠯ ᠳᠤ ᠲᠣᠬᠢᠷᠠᠭᠰᠠᠨ ᠢᠯᠡ ᠲᠣᠳᠣ ᠣᠨᠴᠠᠯᠢᠭ ᠲᠠᠢ ᠪᠠᠶᠢᠵᠤ᠂ ᠥᠷᠥᠨᠡᠳᠠᠬᠢᠨ ᠤ ᠮᠥᠩᠭᠦᠨ ᠭᠦᠢᠯᠭᠡᠭᠡᠨ ᠤ ᠵᠠᠭᠪᠤᠷ ᠲᠠᠢ ᠮᠥᠨ ᠴᠢᠨᠠᠷ ᠤᠨ ᠢᠯᠭᠠᠭ᠎ᠠ ᠲᠠᠢ ᠪᠠᠶᠢᠳᠠᠭ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠦᠢᠯᠡᠳᠦᠯᠭᠡ ᠶᠢᠨ ᠳᠤᠮᠳᠠ ᠦᠷᠭᠦᠯᠵᠢᠯᠡᠨ ᠰᠦᠪᠡᠭᠴᠢᠯᠡᠨ ᠲᠡᠭᠦᠯᠳᠡᠷᠵᠢᠭᠦᠯᠵᠦ᠂ ᠡᠨᠡ ᠬᠦ ᠵᠠᠮ ᠢ ᠶᠠᠪᠤᠬᠤ ᠲᠤᠳᠤᠮ ᠥᠷᠭᠡᠨ ᠳᠠᠷᠳᠠᠩ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
  1 ᠰᠠᠷ᠎ᠠ ᠶᠢᠨ 16 ᠤ ᠡᠳᠦᠷ᠂ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ    ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠵᠣᠣ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃    ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠩᠭᠦᠨ ᠭᠦᠢᠯᠭᠡᠭᠡᠨ ᠤ ᠮᠥᠨ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠦᠢᠯᠡᠳᠦᠯᠭᠡ ᠶᠢᠨ ᠰᠢᠨ᠎ᠡ ᠡᠭᠦᠳᠦᠯᠲᠡ᠂ ᠣᠨᠣᠯ ᠤᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠠᠯᠭᠤᠷ ᠵᠠᠮᠨᠠᠪᠠ᠂ ᠡᠨᠡ ᠨᠢ ᠳᠠᠷᠤᠢ᠄ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠥᠷᠲᠡᠭ ᠤᠨ ᠬᠠᠨᠳᠤᠰᠢ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠪ᠊ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠠᠨ ᠪᠤᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠮᠥᠩᠭᠦᠨ ᠭᠦᠢᠯᠭᠡᠭᠡᠨ ᠤ ᠠᠵᠢᠯ ᠤᠨ ᠮᠥᠩᠬᠡ ᠶᠢᠨ ᠭᠤᠣᠯ ᠰᠡᠳᠦᠪ ᠪᠤᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ ᠬᠠᠤᠯᠢᠵᠢᠯᠳᠠ ᠶᠢᠨ ᠵᠠᠮ ᠢᠶᠠᠷ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠪᠠ᠃ ᠡᠨᠡ ᠬᠡᠳᠦᠨ ᠵᠤᠷᠪᠤᠰ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠠᠵᠢᠯ ᠢ ᠬᠡᠷᠬᠢᠨ ᠦᠵᠡᠬᠦ᠂ ᠬᠡᠷᠬᠢᠨ ᠬᠢᠬᠦ ᠶᠢ ᠲᠣᠳᠣᠷᠬᠠᠶᠢᠯᠠᠵᠤ᠂ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ᠦᠨᠳᠦᠰᠦᠨ ᠵᠣᠭᠰᠣᠯᠲᠠ᠂ ᠦᠵᠡᠯᠲᠡ᠂ ᠠᠷᠭ᠎ᠠ ᠶᠢ ᠢᠯᠡᠷᠡᠭᠦᠯᠦᠭᠰᠡᠨ ᠣᠷᠭᠠᠨᠢᠭ ᠪᠦᠬᠦᠯᠢ ᠴᠣᠭᠴᠠ ᠪᠣᠯᠣᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠨᠢ ᠬᠦᠴᠦᠷᠬᠡᠭ ᠶᠡᠭᠡ ᠠᠵᠤ ᠠᠬᠤᠢ ᠶᠢᠨ ᠰᠠᠭᠤᠷᠢ ᠳᠤ ᠰᠠᠭᠤᠷᠢᠯᠠᠵᠤ᠂ ᠳᠡᠯᠡᠬᠡᠢ ᠶᠢᠨ ᠲᠡᠷᠢᠭᠦᠨ ᠤ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠤᠯᠤᠰ ᠤᠨ ᠬᠦᠴᠦᠨ ᠲᠠᠢ ᠪᠠᠶᠢᠬᠤ ᠪᠥᠭᠡᠳ ᠠᠯᠢ ᠣᠯᠠᠨ ᠵᠠᠩᠭᠢᠯᠠᠭ᠎ᠠ ᠶᠢᠨ ᠭᠤᠣᠯ ᠪᠤᠯᠬᠤ ᠮᠥᠩᠭᠦᠨ ᠭᠦᠢᠯᠭᠡᠭᠡᠨ ᠤ ᠬᠦᠴᠦᠨ ᠵᠦᠢᠯ ᠢ ᠪᠦᠷᠢᠯᠳᠦᠭᠦᠯᠬᠦ ᠬᠡᠷᠡᠭᠲᠡᠢ᠂ ᠲᠤᠬᠠᠶᠢᠯᠠᠪᠠᠯ᠄ ᠬᠦᠴᠦᠷᠬᠡᠭ ᠶᠡᠭᠡ ᠵᠣᠭᠤᠰ᠂ ᠬᠦᠴᠦᠷᠬᠡᠭ ᠶᠡᠭᠡ ᠲᠥᠪ ᠪᠠᠩᠬᠢ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠦᠴᠦᠷᠬᠡᠭ ᠶᠡᠭᠡ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠪᠣᠯᠣᠨ᠎ᠠ᠃ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠤᠷᠳᠤ ᠬᠤᠭᠤᠴᠠᠭ᠎ᠠ ᠪᠠᠷ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠥᠭᠡᠳ ᠯᠠᠪᠳᠠᠭᠤᠨ ᠲᠣᠭᠲᠠᠭᠤᠨ ᠮᠥᠩᠭᠦᠨ ᠭᠦᠢᠯᠭᠡᠭᠡᠨ ᠤ ᠡᠵᠡᠮᠳᠡᠯ ᠲᠣᠬᠢᠷᠠᠭᠤᠯᠭ᠎ᠠ ᠶᠢᠨ ᠰᠢᠰᠲ᠋ᠧᠮ᠂ ᠪᠦᠲᠦᠴᠡ ᠨᠢ ᠵᠦᠢ ᠵᠣᠬᠢᠰᠲᠠᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠰᠢᠰᠲ᠋ᠧᠮ᠂ ᠠᠵᠢᠯ ᠬᠤᠪᠢᠶᠠᠷᠢᠯᠠᠨ ᠬᠠᠮᠵᠢᠯᠴᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠰᠲ᠋ᠧᠮ᠂ ᠪᠦᠷᠢᠨ ᠲᠡᠭᠦᠯᠳᠡᠷ ᠪᠥᠭᠡᠳ ᠪᠦᠲᠦᠮᠵᠢᠲᠡᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠂ ᠤᠯᠠᠨ ᠶᠠᠩᠵᠤᠲᠤ ᠲᠤᠰᠬᠠᠢ ᠮᠡᠷᠭᠡᠵᠢᠯ ᠤᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠰᠢᠰᠲ᠋ᠧᠮ᠂ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠢ ᠮᠥᠩᠭᠦᠨ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠢᠯᠠᠩᠭᠤᠶ᠎ᠠ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ︽ᠥᠷᠭᠡᠰᠦ ᠰᠢᠪᠦᠭᠡ ᠲᠠᠢ︾᠂ ᠥᠨᠴᠥᠭ ᠪᠤᠯᠤᠩ ᠲᠠᠢ ᠪᠠᠶᠢᠬᠤ ᠶᠢᠨ ᠵᠠᠩᠭᠢᠯᠠᠭ᠎ᠠ ᠨᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠳᠤ ᠪᠠᠶᠢᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠬᠤ᠂ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠳᠤ ᠴᠥᠮ ᠬᠠᠤᠯᠢ ᠶᠢ ᠴᠢᠩᠭ᠎ᠠ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠥᠨᠳᠡᠯᠡᠨ ᠠᠴᠠ ᠭᠦᠪᠡᠭᠡ ᠬᠢᠵᠠᠭᠠᠷ ᠭᠦᠷᠲᠡᠯ᠎ᠡ᠂ ᠭᠤᠯᠳᠤ ᠠᠴᠠ ᠡᠴᠦᠰ ᠲᠤᠨᠢ ᠲᠤᠯᠲᠠᠯ᠎ᠠ ᠬᠢᠬᠦ ᠶᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠨᠢᠭᠡ ᠣᠷᠣᠨ ᠪᠦᠰᠡ ᠳᠤ ᠰᠠᠭᠤᠷᠢᠯᠠᠨ ᠪᠦᠭᠦ ᠲᠠᠯ᠎ᠠ ᠶᠢ ᠪᠣᠳᠣᠯᠬᠢᠯᠠᠵᠤ᠂ ᠬᠠᠷᠢᠶ᠎ᠠ ᠣᠷᠣᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠦᠭᠰᠢᠭᠦᠷᠢ ᠶᠢ ᠰᠢᠢᠳᠪᠦᠷᠢᠯᠡᠬᠦ ᠶᠠᠪᠤᠴᠠ ᠳᠤ ᠢᠯᠵᠠᠷᠠᠯ ᠢ ᠡᠷᠡᠰ ᠵᠠᠯᠬᠠᠭᠠᠨ ᠰᠢᠢᠳᠬᠡᠵᠦ ᠂ ᠶᠣᠰᠣ ᠮᠣᠷᠠᠯ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠰᠠᠯᠠᠭ᠎ᠠ ᠮᠥᠴᠢᠷ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠡᠷᠭᠡ ᠳᠤ ᠴᠥᠮ ᠬᠠᠷᠠᠭᠠᠯᠵᠠᠭᠰᠠᠨ ᠡᠭᠦᠷᠭᠡ ᠬᠠᠷᠢᠭᠤᠴᠠᠯᠭ᠎ᠠ ᠲᠠᠢ᠂ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶᠢᠬᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠪᠠᠷ ᠳᠠᠮᠵᠢᠨ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠪᠣᠯᠣᠨ ᠳᠦᠷᠢᠮ ᠤᠨ ᠨᠥᠯᠥᠭᠡᠯᠡᠬᠦ ᠬᠦᠴᠦᠨ ᠢ ᠴᠢᠩᠭᠠᠳᠬᠠᠵᠤ᠂ ᠠᠶᠢᠵᠠᠮ ᠪᠣᠯᠣᠨ ᠡᠷᠴᠢᠮ ᠢ ᠯᠠᠪᠳᠠᠭᠤᠨ ᠪᠣᠯᠭᠤᠮᠵᠢᠲᠠᠢ ᠡᠵᠡᠮᠳᠡᠬᠦ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ ᠪᠣᠯᠭᠠᠨ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠴᠠ ᠡᠮᠦᠨᠡᠬᠢ ᠤᠯᠤᠰ ᠠᠷᠠᠳ ᠤᠨ ᠬᠠᠷᠠᠭᠠᠯᠵᠠᠯ ᠪᠣᠯᠣᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠵᠥᠪᠯᠡᠯᠴᠡᠭᠡᠷ ᠲᠠᠬᠢ ᠮᠥᠩᠭᠦᠨ ᠭᠦᠢᠯᠭᠡᠭᠡᠨ ᠤ ᠬᠦᠷᠢᠶᠡᠨ ᠤ ᠬᠤᠯᠪᠣᠭᠳᠠᠯ ᠪᠦᠬᠦᠢ ᠳᠦᠷᠢᠮ ᠢᠶᠠᠷ ᠪᠠᠷᠢᠮᠵᠢᠶᠠᠯᠠᠨ᠂ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠴᠣᠮᠬᠠᠳᠬᠠᠵᠤ᠂ ᠨᠡᠭᠡᠭᠡᠯᠲᠡᠲᠤ ᠲᠥᠷᠥ ᠶᠢᠨ ᠪᠣᠳᠣᠯᠭ᠎ᠠ ᠶᠢᠨ ᠢᠯᠡᠴᠡ ᠶᠢᠨ ᠬᠡᠮᠵᠢᠶ᠎ᠡ᠂ ᠲᠣᠭᠲᠠᠪᠤᠷᠢᠲᠤ ᠴᠢᠨᠠᠷ ᠪᠠ ᠵᠢᠱᠢᠵᠦ ᠪᠣᠯᠬᠤᠶᠢᠴᠠ ᠴᠢᠨᠠᠷ ᠢ ᠴᠢᠩᠭᠠᠳᠬᠠᠵᠤ᠂ ᠬᠢᠯᠢ ᠶᠢᠨ ᠭᠠᠳᠠᠨ᠎ᠠ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠭᠦ ᠶᠢ ᠲᠡᠭᠦᠯᠳᠡᠷᠵᠢᠭᠦᠯᠬᠦ ᠬᠡᠷᠡᠭᠲᠡᠢ᠃ ᠬᠢᠯᠢ ᠶᠢᠨ ᠳᠣᠲᠣᠨ᠎ᠠ ᠭᠠᠳᠠᠨᠠᠬᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠬᠢᠯᠢ ᠠᠯᠤᠰᠯᠠᠭᠰᠠᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠢ ᠣᠷᠤᠯᠴᠠᠬᠤ ᠬᠡᠷᠡᠭᠲᠡᠢ᠃ ᠨᠡᠭᠡᠭᠡᠯᠲᠡ ᠬᠢᠬᠦ ᠨᠥᠬᠦᠴᠡᠯ ᠳᠣᠣᠷᠠᠬᠢ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠠᠶᠢᠭᠤᠯᠬᠤ ᠳᠤ ᠬᠠᠤᠯᠢᠵᠢᠯ ᠪᠣᠯᠣᠨ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠤᠶᠢᠵᠢᠭᠤᠯᠵᠤ᠂ ᠦᠨᠡᠨᠴᠢ ᠢᠲᠡᠭᠡᠮᠵᠢᠲᠡᠢ ᠪᠠᠶᠢᠵᠤ᠂ ᠬᠤᠷᠢᠭ᠎ᠠ ᠱᠤᠭᠤᠮ ᠢ ᠳᠠᠪᠠᠭ᠋ᠤ ᠦᠭᠡᠢ ᠪᠠᠶᠢᠬᠤ ᠶᠢ ᠪᠡᠶᠡᠯᠡᠭᠦᠯᠬᠦ ᠭᠡᠷᠡᠭᠲᠡᠢ︔ ᠠᠰᠢᠭ ᠬᠤᠨᠵᠢᠪᠤᠷᠢ ᠶᠢ ᠲᠥᠪ ᠰᠢᠳᠤᠷᠭᠤ ᠪᠠᠷ ᠣᠯᠵᠤ᠂ ᠠᠰᠢᠭ ᠬᠤᠨᠵᠢᠪᠤᠷᠢ ᠳᠤ ᠰᠢᠨᠤᠵᠤ ᠪᠤᠯᠬᠤ ᠦᠭᠡᠢ︔ ᠯᠠᠪᠳᠠᠭᠤᠨ ᠪᠣᠯᠭᠤᠮᠵᠢᠲᠠᠢ ᠪᠠᠶᠢᠵᠤ᠂ ᠨᠡᠷ᠎ᠡ ᠭᠠᠪᠢᠶ᠎ᠠ ᠶᠢ ᠶᠠᠭᠠᠷᠠᠨ ᠬᠥᠭᠡᠭᠡᠴᠡᠯᠳᠦᠵᠦ ᠪᠤᠯᠬᠤ ᠦᠭᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠲᠠᠢ ᠪᠠᠶᠢᠳᠠᠯ ᠠᠴᠠ ᠰᠠᠯᠵᠤ ᠬᠡᠶᠢᠰᠪᠦᠷᠢ ᠵᠦᠢᠯ ᠢ ᠬᠥᠭᠡᠭᠡᠴᠡᠯᠳᠦᠵᠦ ᠪᠤᠯᠬᠤ ᠥᠭᠡᠶ︔ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠰᠠᠨᠠᠭ᠎ᠠ ᠪᠠᠷ ᠢᠶᠠᠨ ᠰᠠᠪᠠᠵᠤ ᠵᠢᠯᠣᠭᠤ ᠪᠠᠷ ᠢᠶᠠᠨ ᠵᠣᠳᠣᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ ᠬᠠᠮᠤᠭ ᠡᠴᠦᠰ ᠲᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠮᠥᠩᠭᠦᠨ ᠭᠦᠢᠯᠭᠡᠭᠡᠨ ᠤ ᠰᠡᠳᠬᠢᠬᠦᠢ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠠᠵᠤ ᠠᠬᠤᠢ ᠪᠣᠯᠣᠨ ᠮᠥᠩᠭᠦᠨ ᠭᠦᠢᠯᠭᠡᠭᠡ ᠶᠢ ᠨᠢᠭᠡ ᠬᠥᠯᠭᠡ ᠰᠢᠲᠠᠷ᠎ᠠ ᠪᠤᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠪᠣᠯᠣᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃    ᠼᠠᠢ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠦᠵᠡᠯ ᠰᠠᠨᠠᠭ᠎ᠠ ᠭᠦᠨ ᠭᠦᠨᠵᠡᠭᠡᠢ᠂ ᠬᠠᠷᠠᠭᠠᠰᠤ ᠥᠷᠭᠡᠨ᠂ ᠥᠭᠦᠯᠡᠯᠲᠡ ᠨᠡᠪᠲᠡᠷᠬᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠤᠨᠤᠯ ᠤᠨ ᠴᠢᠨᠠᠷ᠂ ᠴᠢᠭᠯᠡᠭᠦᠯᠦᠯᠲᠦ ᠴᠢᠨᠠᠷ᠂ ᠵᠢᠯᠤᠭᠤᠳᠬᠤ ᠴᠢᠨᠠᠷ ᠲᠠᠢ ᠶᠤᠮ᠂ ᠪᠦᠭᠦ ᠨᠠᠮ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ ᠤᠨ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠵᠥᠪ ᠲᠠᠨᠢᠬᠤ᠂ ᠮᠥᠩᠭᠦᠨ ᠭᠦᠢᠯᠭᠡᠭᠡᠨ ᠤ ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠣᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ᠂ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠪᠦᠭᠦ ᠲᠠᠯ᠎ᠠ ᠪᠠᠷ ᠴᠢᠩᠭᠠᠳᠬᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ᠂ ᠤᠭᠢ ᠰᠣᠳᠣ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃    ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ ᠣᠷᠣᠯᠴᠠᠵᠠᠢ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号