【 ᠦᠵᠡᠯ ᠰᠠᠨᠠᠭ᠎ᠠ ᠶᠢ ᠰᠤᠷᠤᠯᠴᠠᠵᠤ ᠨᠠᠮᠴᠢ ᠴᠢᠨᠠᠷ ᠢ ᠴᠢᠩᠭᠠᠳᠬᠠᠨ ᠦᠢᠯᠡᠳᠦᠯᠭᠡ ᠶᠢ ᠴᠢᠬᠤᠯᠠᠴᠢᠯᠠᠵᠤ ᠰᠢᠨ᠎ᠡ ᠭᠠᠪᠢᠶ᠎ᠠ ᠪᠠᠶᠢᠭᠤᠯᠬᠤ 】 ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 22 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/2
   ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠶᠢᠨ ᠨᠠᠶᠢᠳᠠᠯᠭ᠎ᠠ ᠪᠠᠷ᠂ 12 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 22 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠪᠠ ᠱᠠᠰᠢᠨ ᠰᠤᠷᠲᠠᠬᠤᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ᠂ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠠᠨ ᠬᠤᠩ ᠵᠡᠷᠭᠡ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠣᠷᠣᠯᠴᠠᠪᠠ᠃    ᠬᠤᠷᠠᠯ ᠳᠡᠭᠡᠷ᠎ᠡ᠂ ᠤᠯᠠᠭᠠᠨ᠂ ᠵᠠᠩ ᠯᠢ ᠴᠧᠩ ᠶᠡᠷᠦᠩᠬᠡᠢ ᠱᠦᠵᠢ ᠰᠢ ᠶᠢᠨ ᠫᠢᠩ ᠤᠨ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠵᠠᠩ ᠺᠠᠢ ᠳ᠋ᠦᠩ᠂ ᠯᠠᠢ ᠰᠢᠶᠠᠩ ᠬᠤᠸᠠ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ    ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠱᠠᠰᠢᠨ ᠰᠤᠷᠲᠠᠬᠤᠨ ᠤ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ᠂ ᠥᠩᠭᠡ ᠢᠯᠭᠠᠷᠠᠭᠰᠠᠨ ᠡᠷᠢᠶᠡᠨ︾ ᠢᠶᠠᠷ ᠭᠤᠣᠯ ᠰᠢᠵᠢᠮ ᠪᠣᠯᠭᠠᠵᠤ᠂ ᠬᠤᠳᠠ ᠶᠢᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ ᠶᠢᠨ ᠡᠯ᠎ᠡ ᠲᠠᠯ᠎ᠠ ᠪᠠᠷ ᠰᠣᠶᠣᠯ ᠤᠨ ᠡᠯᠧᠮᠧᠨ᠋ᠲ ᠲᠤ ᠠᠭᠤᠰᠤᠯᠴᠠᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠰᠣᠶᠣᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ᠂ ᠨᠡᠶᠢᠭᠡᠮ ᠤᠨ ᠪᠡᠯᠡ ᠣᠷᠣᠭᠤᠯᠤᠯᠲᠠ ᠪᠣᠯᠤᠨ ᠦᠨᠳᠦᠰᠦᠨ ᠱᠠᠲᠤᠨ ᠤ ᠬᠦᠴᠦᠨ ᠢ ᠲᠠᠲᠠᠬᠤ ᠶᠢ ᠵᠣᠷᠢᠭᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠢᠳᠡᠪᠬᠢᠲᠡᠢ ᠲᠥᠯᠥᠪᠵᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠲᠠ ᠶᠢᠨ ᠱᠠᠲᠤᠨ ᠤ ᠤᠳᠤᠷᠢᠳᠤᠯᠭ᠎ᠠ ᠪᠠ ᠰᠠᠯᠠᠭ᠎ᠠ ᠮᠥᠴᠢᠷ ᠤᠨ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠣᠰᠣᠭᠠᠷ᠂ ᠶᠡᠬᠡᠪᠡᠷ ᠰᠤᠷᠪᠤᠯᠵᠢᠯᠠᠬᠤ ᠠᠵᠢᠯᠯᠠᠭ᠎ᠠ ᠶᠢ ᠴᠠᠭ ᠲᠤᠬᠠᠶ ᠳᠤᠨᠢ ᠥᠷᠨᠢᠭᠦᠯᠵᠦ᠂ ᠮᠠᠯᠴᠢᠨ ᠲᠠᠷᠢᠶᠠᠴᠢᠨ ᠤ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠬᠤ ᠶᠢ ᠨᠠᠩ ᠰᠠᠶᠢᠲᠤᠷ ᠬᠥᠲᠥᠯᠦᠨ ᠳᠠᠭᠠᠭᠤᠯᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号