【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠶ᠎ᠡ︕ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ 1900 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/1/2
  12 ᠰᠠᠷ᠎ᠠ ᠶᠢᠨ 29 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 1901.2 ᠲᠦᠮᠡᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 34.1% ᠪᠠᠷ ᠨᠡᠮᠡᠭᠳᠡᠵᠡᠢ᠂ ᠡᠨᠡ ᠨᠢ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠠᠩᠬ᠎ᠠ ᠤᠳᠠᠭ᠎ᠠ 1900 ᠲᠦᠮᠡᠨ ᠲᠤᠨ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠪᠠᠢᠨ᠎ᠠ᠃
  ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ︽ᠪᠣᠭᠤᠮᠲᠠ ᠪᠠᠷ ᠥᠩᠭᠡᠷᠡᠬᠦ ᠶᠢ ᠪᠠᠲᠤᠯᠠᠬᠤ᠂ ᠭᠠᠷᠭᠠᠨ ᠲᠡᠭᠡᠭᠡᠪᠦᠷᠢᠯᠡᠬᠦ ᠬᠡᠮᠵᠢᠶ᠎ᠡ︾ ᠶᠢᠨ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠴᠤᠪᠤᠷᠠᠯ ᠤᠨ ᠭᠠᠷᠳᠠᠮ ᠢ ᠳᠥᠭᠦᠮᠴᠢᠯᠡᠵᠦ᠂ ᠤᠶᠤᠨᠲᠤ ᠪᠣᠭᠤᠮᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠲᠡᠮᠦᠷ ᠵᠠᠮ ᠤᠨ ᠪᠣᠭᠤᠮᠲᠠ ᠶᠢᠨ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠮᠠᠯ ᠵᠠᠮ ᠤᠨ ᠪᠣᠭᠤᠮᠲᠠ ᠶᠢᠨ ᠪᠠᠶᠢᠴᠠᠭᠠᠨ ᠰᠢᠯᠭᠠᠬᠤ ᠢᠵᠢ ᠪᠥᠷᠢᠳᠦᠭᠦᠯᠬᠦ ᠪᠡᠯᠡᠳᠬᠡᠮᠵᠢ ᠶᠢ ᠳᠡᠭᠡᠭᠰᠢᠯᠡᠭᠦᠯᠦᠨ ᠥᠭᠡᠷᠡᠴᠢᠯᠡᠨ ᠪᠠᠶᠢᠭᠤᠯᠬᠤ ᠶᠢ ᠠᠬᠢᠭᠤᠯᠵᠤ᠂ ᠪᠠᠷᠠᠭᠠᠨ ᠤ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃   ᠣᠶᠢᠯᠠᠭᠠᠭᠰᠠᠨ ᠢᠶᠠᠷ᠂ ᠡᠷᠢᠶᠡᠨ ᠪᠣᠭᠤᠮᠲᠠ ᠨᠢ ᠪᠣᠭᠤᠮᠲᠠ ᠪᠠᠷ ᠥᠩᠭᠡᠷᠡᠬᠦ ᠭᠤᠭᠴᠤᠭ᠎ᠠ ᠳᠤ ᠲᠦᠷᠭᠡᠨ ᠭᠤᠶᠤᠴᠢᠯᠠᠨ ᠮᠡᠳᠡᠭᠦᠯᠬᠦ ᠵᠠᠮ ᠢ ᠨᠡᠭᠡᠭᠡᠵᠦ᠂ ᠭᠠᠳᠠᠭᠠᠳᠤ ᠠᠴᠠ ᠣᠷᠣᠭᠤᠯᠤᠭᠰᠠᠨ ᠬᠦᠨᠳᠦ ᠲᠡᠷᠭᠡ ᠶᠢ ᠤᠷᠢᠳᠠᠪᠠᠷ ᠰᠢᠯᠭᠠᠨ ᠪᠠᠶᠢᠴᠠᠭᠠᠯᠭᠠᠬᠤ ᠪᠠᠷ ᠮᠡᠳᠡᠭᠦᠯᠵᠦ᠂ ᠲᠦᠷᠭᠡᠨ ᠰᠢᠯᠭᠠᠨ ᠪᠠᠶᠢᠴᠠᠭᠠᠵᠤ ᠥᠩᠭᠡᠷᠡᠭᠦᠯᠬᠦ ᠶᠢᠨ ᠬᠠᠮᠲᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠳᠤ ᠳᠠᠭᠠᠭᠠᠯᠲᠠ ᠬᠢᠵᠦ ᠶᠠᠪᠤᠭᠤᠯᠬᠤ ᠠᠷᠭ᠎ᠠ ᠬᠡᠮᠵᠢᠶ᠎ᠡ ᠠᠪᠴᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠶᠢ ᠦᠷᠭᠦᠯᠵᠢᠯᠡᠨ ᠠᠬᠢᠭᠤᠯᠵᠤ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠨᠡᠮᠡᠭᠳᠡᠯ ᠢ ᠨᠥᠯᠥᠭᠡᠯᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠬᠢᠯᠢ ᠪᠠᠷ ᠣᠷᠣᠵᠤ ᠭᠠᠷᠬᠤ ᠬᠥᠮᠦᠰ᠂ ᠬᠢᠯᠢ ᠪᠠᠷ ᠣᠷᠣᠵᠤ ᠭᠠᠷᠬᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠬᠡᠷᠡᠭᠰᠡᠯ ᠴᠥᠮ ᠬᠤᠶᠠᠷ ᠣᠷᠣᠨᠲᠤ ᠲᠤᠭ᠎ᠠ ᠠᠴᠠ ᠳᠡᠭᠡᠭᠰᠢ ᠨᠡᠮᠡᠭᠳᠡᠵᠦ᠂ ᠪᠣᠭᠤᠮᠲᠠ ᠶᠢᠨ ᠠᠵᠤ ᠠᠬᠤᠶ ᠶᠢᠨ ᠬᠥᠭᠵᠢᠯᠲᠡ ᠳᠤ ᠰᠠᠭᠤᠷᠢ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号