ᠬᠤᠶᠠᠷ ᠬᠤᠷᠠᠯ ᠤᠨ ︽ᠲᠠᠭᠤᠨ︾ ︱ ︱ ᠲᠥᠯᠥᠭᠡᠯᠡᠭᠴᠢ ᠭᠡᠰᠢᠭᠦᠳ ᠢᠩᠬᠢᠵᠦ ᠶᠠᠷᠢᠯ᠎ᠠ  ︵ᠭᠤᠷᠪᠠ
ᠨᠡᠶᠢᠲᠡᠯᠡᠭᠰᠡᠨ ᠴᠠᠭ᠄
2024/1/24
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄       ᠮᠠᠨ ᠤ ᠬᠤᠳᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠬᠤᠳᠠ ᠶᠢᠨ ᠠᠷᠠᠳ ᠤᠨ   ᠳᠦᠯᠦᠭᠡᠯᠡᠭᠴᠢ ᠪᠣᠯᠣᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠢᠭᠡ ᠲᠠᠩᠬᠢᠮ ᠳᠤ ᠴᠤᠭᠯᠠᠷᠠᠵᠤ᠂ ᠠᠷᠠᠳ ᠤᠨ ᠳᠦᠯᠦᠭᠡᠯᠡᠭᠴᠢ ᠪᠣᠳᠣᠯᠬᠢᠯᠡᠨ᠂ ᠪᠦᠬᠦ ᠬᠤᠳᠠ ᠶᠢᠨ ᠬᠥᠭᠵᠢᠯᠲᠡ ᠶᠢ ᠬᠠᠮᠲᠤᠪᠠᠷ ᠵᠥᠪᠯᠡᠵᠦ᠂ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ  ᠠᠷᠭ᠎ᠠ  ᠤᠬᠠᠭᠠᠨ ᠭᠠᠷᠭᠠᠵᠦ ᠦᠭᠴᠠᠢ᠃ ᠪᠢᠳᠡ ᠬᠠᠮᠲᠤ ᠪᠠᠷ ᠲᠡᠳᠡᠨ ᠤ ᠰᠡᠳᠬᠢᠯ ᠤᠨ ᠦᠭᠡ ᠶᠢ ᠰᠣᠨᠣᠰᠤᠶ᠎ᠠ᠃ ᠲᠠᠶᠢᠯᠪᠦᠷᠢ᠄         ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠴᠧᠨ ᠹᠸᠡᠭ᠄       ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ 2024 ᠣᠨ ᠳᠤ᠂ ᠪᠢᠳᠡ ᠥᠪᠡᠷ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ  ᠪᠠᠷ ᠳᠠᠮᠵᠢᠭᠤᠯᠵᠤ᠂ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠠᠷᠭ᠎ᠠ ᠤᠬᠠᠭᠠᠨ ᠭᠠᠷᠭᠠᠵᠤ᠂ ᠠᠷᠠᠳ ᠤᠯᠠᠨ ᠤ ᠠᠰᠢᠭ ᠲᠤᠰᠠ ᠳᠤ ᠬᠤᠯᠪᠣᠭᠳᠠᠭᠰᠠᠨ  ᠠᠰᠠᠭᠤᠳᠠᠯ ᠢ ᠲᠤᠰᠬᠠᠵᠤ᠂ ᠪᠢᠳᠡᠨ ᠤ ᠵᠢᠵᠢᠭ ᠰᠠᠵᠢᠭ ᠠᠵᠢᠯ ᠢᠶᠠᠷ ᠢᠶᠠᠨ ᠳᠠᠮᠵᠢᠭᠤᠯᠵᠤ᠂  ᠤᠯᠠᠨ  ᠲᠦᠮᠡᠨ ᠳᠤ ᠦᠢᠯᠡᠴᠢᠯᠡᠵᠦ᠂ ᠠᠷᠠᠳ ᠤᠨ ᠠᠮᠢᠳᠤᠷᠠᠯ ᠳᠤ  ᠤᠶᠢᠯᠡᠴᠢᠯᠡᠨ᠎ᠡ  ᠃             ᠤᠯᠤᠰ ᠲᠥᠷᠥ   ᠶᠢᠨ ᠵᠥᠪᠯᠡᠯᠭᠡᠨ ᠤ ᠭᠡᠰᠢᠭᠦᠨ ᠯᠢ ᠨᠠ᠄       ᠬᠤᠶᠠᠷ ᠬᠤᠷᠠᠯ ᠤᠨ ᠢᠯᠡᠳᠬᠡᠯ ᠳᠤ ᠦᠨᠡᠨ   ᠢ ᠪᠠᠷᠢᠮᠲᠠᠯᠠᠨ ᠪᠣᠳᠠᠲᠤ ᠠᠵᠢᠯᠯᠠᠭ᠎ᠠ   ᠶᠢ ᠡᠷᠬᠢᠮᠯᠡᠵᠦ᠂ ᠠᠷᠠᠳ ᠤᠨ ᠪᠠᠶᠢᠳᠠᠯ   ᠢ  ᠣᠶᠢᠯᠠᠭᠠᠵᠤ᠂ 2023 ᠣᠨ  ᠤ ᠠᠮᠵᠢᠯᠲᠠ ᠪᠠᠨ ᠪᠦᠬᠦ ᠲᠠᠯ᠎ᠠ ᠪᠠᠷ ᠳ᠋ᠦᠩᠨᠡᠵᠡᠢ᠂ ᠦᠨᠳᠦᠰᠦᠨ ᠱᠠᠲᠤᠨ ᠤ ᠨᠡᠶᠢᠭᠡᠮ ᠲᠣᠭᠤᠷᠢᠭ ᠤᠨ ᠤᠯᠤᠰ ᠲᠥᠷᠥ   ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠪᠢ ᠶᠡᠬᠡᠳᠡ ᠵᠣᠷᠢᠭᠵᠢᠵᠤ᠂ ᠲᠤᠶᠢᠯ  ᠢᠶᠠᠷ ᠤᠷᠮᠠᠰᠢᠨ ᠵᠣᠷᠢᠭᠵᠢᠵᠠᠢ᠃ ᠬᠤᠷᠠᠯ ᠤᠨ ᠲᠠᠷᠠᠭ᠎ᠠ᠂ ᠪᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠤᠬᠠᠭᠤᠯᠵᠤ᠂ ᠬᠤᠷᠠᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠠᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ  ᠪᠠᠳᠠᠷᠠᠭᠤᠯᠵᠤ᠂ ︽ᠭᠡᠰᠢᠭᠦᠳ ᠤᠨ ᠭᠡᠷ︾  ᠤᠨ ᠲᠠᠪᠴᠠᠩ ᠢᠶᠠᠷ ᠳᠠᠮᠵᠢᠭᠤᠯᠤᠨ᠂ ᠵᠥᠪᠳᠡᠯᠴᠡᠬᠦ ᠠᠷᠭ᠎ᠠ ᠵᠠᠮ ᠢ  ᠰᠠᠭᠠᠳ ᠦᠭᠡᠢ ᠨᠠᠪᠲᠠᠷᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠢ ᠠᠷᠠᠳ ᠤᠯᠠᠨ ᠲᠠᠢ ︽ᠨᠢᠭᠤᠷᠳᠠᠬᠤ︾᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠲᠠᠢ ︽ᠤᠶᠢᠷᠠᠳᠬᠤ︾  ᠶᠢ ᠪᠡᠶᠡᠯᠡᠭᠦᠯᠵᠦ᠂ ᠵᠥᠪᠳᠡᠯᠴᠡᠭᠡ ᠪᠠᠷ ᠠᠳᠠᠯᠢ ᠪᠤᠰᠤ ᠲᠠᠯ᠎ᠠ ᠶᠢ ᠨᠢᠭᠲᠠᠷᠠᠭᠤᠯᠬᠤ᠂ ᠪᠦᠯᠬᠦᠮᠳᠡᠯ ᠢ ᠠᠬᠢᠭᠤᠯᠬᠤ᠂ ᠤᠯᠤᠰ ᠲᠦᠷᠦ ᠶᠢᠨ ᠵᠥᠪᠯᠡᠯᠭᠡᠨ ᠤ ᠬᠦᠴᠦᠨ ᠢᠶᠠᠷ ᠰᠠᠭᠤᠭᠠᠯᠢ ᠠᠷᠠᠳ  ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠠᠴᠢᠮ  ᠲᠤᠯᠭᠠᠮ᠎ᠠ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠬᠥᠭᠵᠢᠯᠲᠡ ᠶᠢ ᠲᠦᠯᠬᠢᠨ ᠠᠬᠢᠭᠤᠯᠬᠤ ᠶᠠᠪᠤᠴᠠ ᠳᠤ  ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠢᠯᠡᠷᠡᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号