ᠬᠤᠲᠠ  ᠶᠢᠨ ᠵᠡᠭᠦᠨ ᠬᠤᠳᠠ ᠨᠡᠶᠢᠭᠡᠮ ᠲᠣᠭᠤᠷᠢᠭ  ︽ᠬᠤᠣᠰ ᠤᠶᠠᠩᠭ᠎ᠠ ᠪᠢᠴᠢᠵᠦ ᠂ ᠵᠦᠭᠨᠡᠯ  ᠲᠡᠪᠰᠢᠭᠦᠯᠬᠦ ︾ ᠠᠵᠢᠯᠯᠠᠭ᠎ᠠ  ᠦᠷᠨᠢᠭᠦᠯᠦᠭᠰᠡᠨ
ᠨᠡᠶᠢᠲᠡᠯᠡᠭᠰᠡᠨ ᠴᠠᠭ᠄
2024/1/24
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄ 1 ᠰᠠᠷ᠎ᠠ   ᠶᠢᠨ 18 ᠤ ᠡᠳᠦᠷ  ᠂ ᠬᠤᠲᠠ   ᠶᠢᠨ ᠵᠡᠭᠦᠨ ᠬᠤᠳᠠ ᠨᠡᠶᠢᠭᠡᠮ ᠲᠣᠭᠤᠷᠢᠭ  ︽ᠬᠤᠣᠰ ᠤᠶᠠᠩᠭ᠎ᠠ ᠪᠢᠴᠢᠵᠦ  ᠂  ᠵᠦᠭᠨᠡᠯ  ᠲᠡᠪᠰᠢᠭᠦᠯᠬᠦ  ︾ ᠠᠵᠢᠯᠯᠠᠭ᠎ᠠ ᠥᠷᠨᠢᠭᠦᠯᠵᠦ᠂ ᠬᠤᠲᠠ   ᠶᠢᠨ ᠤᠳᠬ᠎ᠠ ᠤᠷᠠᠯᠢᠭ ᠤᠨ  ᠬᠢᠨ ᠤ ᠬᠤᠯᠪᠣᠭᠠᠨ ᠤ ᠤᠷᠠᠨ ᠪᠢᠴᠢᠯᠭᠡ  ᠶᠢᠨ ᠪᠠᠭ᠋ᠠᠳᠠᠳ ᠢ ᠤᠷᠢᠵᠤ᠂  ᠬᠠᠷᠢᠶ᠎ᠠ ᠣᠷᠣᠨ ᠤ  ᠰᠠᠭᠤᠭᠠᠯᠢ ᠠᠷᠠᠳ ᠲᠤ ᠬᠤᠣᠰ ᠤᠶᠠᠩᠭ᠎ᠠ  ᠪᠢᠴᠢᠨ ᠦᠭᠴᠦ᠂ ᠴᠠᠭᠠᠨ ᠰᠠᠷ᠎ᠠ   ᠶᠢᠨ  ᠵᠦᠭᠨᠡᠯ ᠲᠡᠪᠰᠢᠭᠦᠯᠵᠠᠢ᠃ ᠲᠠᠶᠢᠯᠪᠦᠷᠢ᠄    ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂  ᠪᠡᠭᠡ ᠶᠢᠨ  ᠦᠨᠦᠷ ᠬᠠᠩᠬᠤᠯᠵᠤ᠂ ᠬᠦᠷ ᠨᠠᠷᠭᠢᠶᠠᠨ ᠢᠶᠠᠷ ᠪᠢᠯᠬᠠᠨ᠎ᠠ᠃ ᠤᠷᠠᠨ ᠪᠢᠴᠢᠯᠭᠡ  ᠶᠢᠨ ᠪᠠᠭ᠋ᠠᠳᠠᠳ  ᠦᠵᠦᠭ ᠤᠨ ᠤᠷᠠᠨ ᠢ ᠭᠠᠶᠢᠬᠠᠭᠤᠯᠵᠦ  ᠂ ᠢᠷᠦᠭᠡᠯ ᠳᠦᠭᠦᠷᠡᠩ ︽ᠪᠤᠶᠠᠨ︾ ᠭᠡᠰᠡᠨ ᠦᠰᠦᠭ ᠤᠳ᠂ ᠥᠯᠵᠡᠢ ᠪᠡᠯᠭᠡ ᠲᠠᠢ ᠬᠤᠣᠰ ᠤᠶᠠᠩᠭ᠎ᠠ ᠣᠯᠠᠨ ᠤ  ᠬᠠᠷᠠᠭ᠎ᠠ ᠶᠢ  ᠪᠠᠶᠠᠰᠬᠠᠵᠠᠢ  ᠃  ᠬᠠᠷᠢᠶ᠎ᠠ ᠲᠣᠭᠤᠷᠢᠭ ᠤᠨ ᠴᠥᠭᠡᠨ ᠪᠤᠰᠤ ᠪᠢᠴᠢᠬᠠᠨ ᠨᠠᠶᠢᠵᠠ ᠨᠠᠷ ᠴᠤ  ᠰᠢᠨ᠎ᠡ ᠵᠢᠯ  ᠴᠠᠭᠠᠨ ᠰᠠᠷ᠎ᠠ ᠶᠢᠨ  ︽ᠴᠠᠭᠠᠰᠤᠨ ᠬᠠᠶᠢᠴᠢᠯᠠᠮᠠᠯ  ︾    ᠬᠠᠶᠢᠴᠢᠯᠠᠵᠠᠢ᠃    ᠳᠠᠷᠠᠭ᠎ᠠ   ᠨᠢ᠂  ᠨᠡᠶᠢᠭᠡᠮ ᠲᠣᠭᠤᠷᠢᠭ ᠤᠨ ᠠᠵᠢᠯᠲᠠᠳ ᠬᠤᠣᠰ ᠤᠶᠠᠩᠭ᠎ᠠ᠂  ᠴᠠᠭᠠᠰᠤᠨ ᠬᠠᠶᠢᠴᠢᠯᠠᠮᠠᠯ ᠢ ᠬᠠᠷᠢᠶ᠎ᠠ ᠣᠷᠣᠨ ᠤ  ᠰᠠᠭᠤᠭᠠᠯᠢ ᠠᠷᠠᠳ ᠲᠤ  ᠬᠦᠷᠭᠡᠭᠰᠡᠨ ᠤ ᠬᠠᠮᠲᠤ ᠰᠠᠶᠢᠨ ᠰᠠᠶᠢᠬᠠᠨ  ᠵᠦᠭᠨᠡᠯ ᠳᠡᠪᠰᠢᠭᠦᠯᠵᠡᠢ᠃ ᠴᠠᠭᠠᠨ ᠰᠠᠷ᠎ᠠ   ᠶᠢᠨ ᠬᠤᠣᠰ ᠤᠶᠠᠩᠭ᠎ᠠ ᠪᠣᠯᠣᠨ ᠴᠠᠭᠠᠰᠤᠨ ᠬᠠᠶᠢᠴᠢᠯᠠᠮᠠᠯ   ᠢ ᠣᠯᠣᠭᠠᠳ ᠰᠠᠭᠤᠭᠠᠯᠢ ᠠᠷᠠᠳ ᠤᠨ ᠴᠢᠷᠠᠢ ᠳᠤ  ᠢᠨᠢᠶᠡᠮᠰᠦᠭᠯᠡᠯ ᠲᠣᠳᠣᠷᠠᠵᠤ ᠪᠠᠶᠢᠯ᠎ᠠ᠃     ᠬᠤᠲᠠ   ᠶᠢᠨ ᠵᠡᠭᠦᠨ ᠬᠤᠳᠠ  ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠢᠢ ᠯᠢ ᠾᠦᠢ᠄     ᠴᠠᠭᠠᠨ ᠰᠠᠷ᠎ᠠ   ᠶᠢᠨ ᠬᠤᠣᠰ ᠤᠶᠠᠩᠭ᠎ᠠ ᠪᠢᠴᠢᠵᠦ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠪᠣᠯ ᠮᠠᠨ ᠤ ᠴᠠᠭᠠᠨ ᠰᠠᠷ᠎ᠠ   ᠶᠢᠨ ᠥᠯᠵᠡᠶᠢᠲᠦ ᠡᠳᠦᠷ   ᠢ ᠤᠭᠲᠤᠬᠤ ᠰᠢᠷᠢᠰ ᠠᠵᠢᠯᠯᠠᠭᠠᠨ ᠤ ᠨᠢᠭᠡ ᠮᠥᠨ᠂  ᠡᠶᠢᠮᠤᠷᠬᠦ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠳᠤᠮᠳᠠᠳᠤ   ᠶᠢᠨ ᠤᠯᠠᠮᠵᠢᠯᠠᠯᠲᠤ ᠰᠣᠶᠣᠯ ᠤᠨ ᠷᠢᠳᠢ ᠰᠢᠳᠢ   ᠶᠢ ᠡᠳ᠋ᠯᠡᠭᠦᠯᠬᠦ   ᠶᠢᠨ ᠬᠠᠮᠲᠤ ᠮᠠᠨ ᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ   ᠶᠢᠨ ᠬᠠᠶᠢᠷ᠎ᠠ ᠬᠠᠯᠠᠮᠵᠢ   ᠶᠢ  ᠬᠦᠷᠳᠡᠭᠡᠬᠦ ᠶᠢᠨ ᠲᠦᠯᠦᠭᠡ ᠶᠤᠮ᠃ ᠪᠢᠳᠡ ᠪᠠᠰᠠ ᠤᠯᠠᠨ ᠵᠦᠢᠯ ᠤᠨ  ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ᠂  ᠲᠦᠪᠯᠡᠷᠡᠩᠭᠦᠢ ᠬᠦᠴᠦᠨ ᠢ  ᠴᠢᠩᠭᠠᠷᠠᠭᠤᠯᠵᠤ᠂ ᠴᠠᠭᠠᠨ ᠰᠠᠷ᠎ᠠ  ᠪᠠᠨ ᠪᠠᠶᠠᠷᠯᠠᠨ ᠤᠭᠲᠤᠬᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢ ᠪᠤᠢ ᠪᠤᠯᠭᠠᠨ᠎ᠠ  ᠃    
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号