ᠬᠤᠲᠠ ᠶᠢᠨ ᠤᠯᠠᠭᠠᠨᠮᠥ᠋ᠴᠢᠷ᠄ ᠤᠮᠠᠷᠠᠲᠤ ᠬᠢᠯᠢ ᠶᠢᠨ ᠰᠣᠶᠣᠯ ᠢ ᠤᠬᠠᠭᠤᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/1/24
ᠤᠷᠴᠢᠭᠤᠯᠤᠠᠠᠴᠢ᠄  ᠪᠦᠷᠢᠩᠭᠤᠸ᠎ᠠᠤᠳᠤᠷᠢᠳᠬᠠᠯ᠄        ᠨᠢᠳᠤᠨᠤᠨ ᠠᠴᠠ ᠨᠠᠭᠠᠰᠢ᠂  ᠬᠤᠳᠠ ᠶᠢᠨ ᠤᠯᠠᠭᠠᠨᠮᠥ᠋ᠴᠢᠷ ᠰᠢ ᠶᠢᠨ ᠫᠢᠩ  ᠤᠨ ᠰᠣᠶᠣᠯ  ᠤᠨ ᠦᠵᠡᠯ ᠰᠠᠨᠠᠭ᠎ᠠ ᠶᠢ  ᠰᠤᠷᠤᠯᠴᠠᠨ ᠲᠤᠤᠱᠯᠠᠭᠤᠯᠵᠤ᠂ ᠨᠠᠮ  ᠤᠨ ᠬᠤᠷᠢᠳᠤᠭᠠᠷ ᠶᠡᠭᠡ ᠬᠤᠷᠠᠯ  ᠤᠨ ᠰᠣᠶᠣᠯ  ᠤᠨ ᠪᠠᠶᠢᠭᠤᠯᠤᠯᠲᠠ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠰ ᠭᠤᠶᠢᠪᠢᠰᠢ ᠦᠭᠡᠢ ᠪᠠᠷ ︽ᠨᠠᠮ  ᠤᠨ ᠠᠴᠢ  ᠳᠤ ᠲᠠᠯᠠᠷᠬᠠᠵᠦ᠂ ᠨᠠᠮ  ᠤᠨ ᠦᠭᠡ ᠶᠢ ᠰᠣᠨᠣᠰᠴᠤ᠂ ᠨᠠᠮ   ᠢᠶᠠᠨ ᠲᠠᠭᠠᠬᠤ︾᠂ ︽ᠤᠮᠠᠷᠠᠲᠤ ᠶᠢᠨ ᠰᠣᠶᠣᠯ︾  ᠤᠨ ᠲᠦᠷᠦᠯ ᠲᠡᠮᠳᠡᠭ  ᠢ ᠡᠭᠦᠳᠬᠦ ᠳᠤ ᠬᠦᠴᠦ ᠨᠡᠮᠡᠷᠢᠯᠡᠵᠡᠢ᠃  ᠲᠠᠶᠢᠯᠪᠦᠷᠢ  ᠄        ᠣᠶᠢᠷ᠎ᠠ ᠶᠢᠨ ᠡᠳᠦᠷ ᠤᠳ ᠲᠤ᠂ ᠬᠤᠲᠠ ᠶᠢᠨ ᠤᠯᠠᠭᠠᠨᠮᠥ᠋ᠴᠢᠷ  ᠤᠷᠢᠳ ᠬᠤᠵᠢᠳ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ  ᠬᠦᠷᠴᠦ᠂  ᠲᠣᠭᠯᠠᠯᠲᠠ ᠭᠠᠷᠭᠠᠬᠤ ᠦᠢᠯᠡᠴᠢᠯᠡᠭᠡᠨ ᠤ ᠠᠵᠢᠯᠯᠠᠭ᠎ᠠ ᠵᠢᠴᠢ ︽ᠤᠮᠠᠷᠠᠲᠤ ᠶᠢᠨ ᠰᠣᠶᠣᠯ ᠢ  ᠤᠬᠠᠭᠤᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠢᠯᠡᠴᠢᠯᠡᠬᠦ︾   ᠦᠵᠡᠭᠦᠯᠭᠡ ᠶᠢᠨ ᠲᠣᠭᠯᠠᠯᠲᠠ᠂  ︽ᠨᠠᠮ  ᠤᠨ ᠠᠴᠢ  ᠳᠤ ᠲᠠᠯᠠᠷᠬᠠᠵᠦ᠂ ᠨᠠᠮ  ᠤᠨ ᠦᠭᠡ ᠶᠢ ᠰᠣᠨᠣᠰᠴᠤ᠂ ᠨᠠᠮ   ᠢᠶᠠᠨ ᠲᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃ ᠤᠯᠠᠭᠠᠨᠮᠥ᠋ᠴᠢᠷ ᠤᠨ ᠭᠡᠰᠢᠭᠦᠳ ᠤᠳᠤ ᠦᠶ᠎ᠡ ᠶᠢᠨ ᠰᠣᠶᠣᠯ᠂ ᠤᠯᠠᠮᠵᠢᠯᠠᠯᠲᠤ ᠰᠣᠶᠣᠯ᠂ ᠦᠨᠳᠦᠰᠦᠲᠡᠨ ᠤ ᠰᠣᠶᠣᠯ ᠢ ᠤᠶᠠᠯᠳᠤᠭᠤᠯᠵᠤ᠂ ᠭᠤᠴᠣ ᠰᠠᠶᠢᠬᠠᠨ ᠲᠣᠭᠯᠠᠯᠲᠠ ᠭᠠᠷᠭᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ  ᠬᠦᠷ ᠬᠥᠭᠵᠢᠶᠡᠨ ᠲᠠᠢ ᠪᠠᠶᠢᠯ᠎ᠠ᠃          ᠨᠢᠳᠤᠨᠤᠨ ᠠᠴᠠ  ᠨᠠᠭᠠᠰᠢ᠂ ᠬᠤᠲᠠ ᠶᠢᠨ ᠤᠯᠠᠭᠠᠨᠮᠥ᠋ᠴᠢᠷ ᠮᠠᠯᠵᠢᠬᠤ ᠲᠠᠷᠢᠶᠠᠯᠠᠬᠤ ᠣᠷᠣᠨ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠦᠵᠡᠮᠵᠢ ᠶᠢᠨ ᠣᠷᠣᠨ᠂ ᠨᠡᠶᠢᠭᠡᠮ ᠲᠣᠭᠤᠷᠢᠭ ᠵᠡᠷᠭᠡ ᠭᠠᠵᠠᠷ ᠢᠶᠠᠷ ᠭᠦᠨᠵᠡᠭᠡᠶᠢᠷᠡᠨ᠂ ᠨᠡᠶᠢᠲᠡ 120 ᠲᠠᠯᠠᠪᠤᠷ  ᠦᠢᠯᠡᠴᠢᠯᠡᠭᠡᠨ ᠤ ᠲᠣᠭᠯᠠᠯᠲᠠ ᠶᠢᠨ  ᠭᠠᠷᠭᠠᠵᠦ᠂ 360 ᠬᠢᠴᠢᠶᠡᠯ ᠤᠨ ᠴᠠᠭ ᠲᠤ ᠬᠠᠪᠰᠤᠷᠤᠨ ᠵᠢᠯᠣᠭᠤᠳᠪᠠ᠃ ᠡᠭᠦᠨ ᠤ ᠵᠡᠷᠭᠡᠪᠡᠷ᠂  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ  ᠪᠠᠳᠦ ᠴᠤᠠᠠᠴᠠᠯᠠᠬᠤ ᠪᠠᠷ ᠭᠤᠣᠯ ᠰᠢᠵᠢᠮ  ᠪᠤᠯᠭᠠᠬᠤ ᠶᠢ ᠪᠠᠷᠢᠮᠳᠠᠯᠠᠵᠦ᠂ ᠲᠤᠰ ᠪᠡᠶ᠎ᠡ ᠶᠢᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠭᠤᠯᠤᠭᠳᠠᠬᠤᠨ ᠢ ᠭᠦᠨᠵᠡᠭᠡᠶᠢᠷᠡᠭᠦᠯᠦᠨ᠂ ᠬᠡᠯᠪᠡᠷᠢ ᠶᠢ ᠪᠠᠶᠠᠯᠢᠭᠵᠢᠭᠤᠯᠵᠤ᠂  ᠰᠢᠨ᠎ᠡ ᠪᠠᠷ ᠡᠭᠦᠳᠴᠦ᠂  ᠨᠠᠮ ᠤᠨ  ᠲᠦᠷᠦ ᠶᠢᠨ ᠪᠣᠳᠣᠯᠭ᠎ᠠ᠂  ᠨᠠᠮ ᠤᠨ  ᠳᠠᠭᠤᠨ ᠢ ᠤᠳᠬ᠎ᠠ ᠤᠷᠠᠯᠢᠭ ᠤᠨ ᠪᠦᠲᠦᠭᠡᠯ ᠳᠤ ᠠᠭᠤᠰᠬᠠᠵᠤ᠂ ᠨᠢᠭᠡ ᠪᠦᠯᠦᠭ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ  ᠱᠠᠩᠨᠠᠯ 7᠂ ᠠᠶᠢᠮᠠᠭ ᠤᠨ ᠲᠡᠰ ᠤᠨ  ᠱᠠᠩᠨᠠᠯ 8 ᠢ ᠬᠦᠷᠳᠡᠪᠡ᠃          ᠬᠤᠲᠠ ᠶᠢᠨ ᠤᠯᠠᠭᠠᠨᠮᠥ᠋ᠴᠢᠷ ᠤᠨ  ᠳᠠᠷᠤᠭ᠎ᠠ  ᠬᠦᠪᠰᠤᠯ᠄         2024 ᠣᠨ ᠳᠤ᠂ ᠡᠷᠢᠶᠡᠨ ᠬᠤᠲᠠ ᠶᠢᠨ ᠤᠯᠠᠭᠠᠨᠮᠥ᠋ᠴᠢᠷ ᠤᠨ ᠬᠢᠨ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠵᠡᠷᠭᠡ ᠴᠢᠬᠤᠯᠠ ᠰᠡᠳᠦᠪ ᠤᠨ ᠲᠣᠭᠤᠷᠢᠨ ᠳᠤ ᠵᠣᠬᠢᠶᠠᠨ ᠪᠦᠲᠦᠭᠡᠬᠦ ᠪᠠ ᠲᠣᠭᠯᠠᠯᠲᠠ ᠭᠠᠷᠭᠠᠬᠤ ᠠᠵᠢᠯᠯᠠᠭ᠎ᠠ ᠥᠷᠨᠢᠭᠦᠯᠦᠨ᠎ᠡ᠃ ᠵᠢᠯ ᠤᠨ ᠡᠬᠢᠨ ᠳᠤ ᠪᠢᠳᠡ ᠨᠢᠭᠡᠨᠲᠡ ᠤᠳᠬ᠎ᠠ ᠤᠷᠠᠯᠢᠭ ᠤᠨ  ᠵᠣᠬᠢᠶᠠᠨ ᠪᠦᠳᠦᠭᠡᠵᠦ ᠰᠤᠳᠤᠯᠤᠨ ᠶᠠᠷᠢᠯᠴᠠᠬᠤ ᠬᠤᠷᠠᠯ  ᠬᠤᠷᠠᠯᠳᠤᠭᠤᠯᠵᠤ᠂ ᠣᠨ ᠤ ᠵᠣᠬᠢᠶᠠᠨ ᠪᠦᠲᠦᠭᠡᠬᠦ ᠴᠢᠬᠤᠯᠠᠲᠠᠢ ᠪᠦᠲᠦᠭᠡᠯ᠂ ᠳᠡᠭᠡᠭᠰᠢᠯᠡᠭᠦᠯᠬᠦ ᠬᠠᠷᠠᠯᠲᠠ ᠶᠢ ᠠᠩᠬ᠎ᠠ ᠠᠯᠬᠤᠮ  ᠲᠤᠠᠠᠳᠠᠪᠠ᠃  ᠣᠳᠣᠬᠠᠨ ᠳᠤ ᠶᠠᠭ ᠡᠯ᠎ᠡ ᠵᠦᠢᠯ ᠤᠨ ᠵᠣᠬᠢᠶᠠᠨ ᠪᠦᠲᠦᠭᠡᠬᠦ ᠡᠭᠦᠷᠭᠡ ᠪᠠᠨ ᠨᠠᠷᠢᠯᠢᠭᠵᠢᠭᠤᠯᠵᠤ ᠪᠠᠶᠢᠬᠤ ᠪᠥᠭᠡᠳ ᠵᠣᠬᠢᠶᠠᠨ ᠪᠦᠲᠦᠭᠡᠬᠦ ᠠᠵᠢᠯ ᠢᠶᠠᠨ ᠱᠠᠯᠠᠪᠳᠠᠨ ᠬᠢᠵᠦ ᠪᠠᠶᠢᠨ᠎ᠠ᠃ ᠰᠢᠨ᠎ᠡ ᠨᠢᠭᠡᠨ ᠵᠢᠯ ᠳᠤ᠂ ᠪᠢᠳᠡ ᠡᠳᠡᠭᠡᠷ ᠵᠣᠬᠢᠶᠠᠨ ᠪᠦᠲᠦᠭᠡᠭᠰᠡᠨ ᠤᠳᠬ᠎ᠠ ᠤᠷᠠᠯᠢᠭ ᠤᠨ ᠪᠦᠲᠦᠭᠡᠯ ᠢ ᠡᠳᠦᠷ ᠲᠤᠳᠤᠮ ᠤᠨ ᠲᠣᠭᠯᠠᠯᠲᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠠᠭᠤᠰᠬᠠᠵᠤ᠂ ᠤᠮᠠᠷᠠᠲᠤ ᠬᠢᠯᠢ ᠶᠢᠨ ᠰᠣᠶᠣᠯ ᠢ ᠲᠦᠭᠡᠮᠡᠯᠵᠢᠭᠦᠯᠦᠨ ᠳᠡᠯᠭᠡᠷᠡᠭᠦᠯᠵᠦ᠂  ᠮᠠᠯᠴᠢᠨ ᠲᠠᠷᠢᠶᠠᠴᠢᠨ  ᠤ ᠲᠡᠷᠭᠡᠳᠡ ᠬᠦᠷᠭᠡᠨ᠎ᠡ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号