| 1 ᠰᠠᠷ᠎ᠠ ᠶᠢᠨ 24 ᠤ ᠡᠳᠦᠷ᠂ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︽ | ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠶ᠎ᠠ︾ ᠭᠡᠬᠦ ᠬᠤᠣᠰ ᠤᠶᠠᠩᠭ᠎ᠠ ᠪᠢᠴᠢᠵᠦ ᠢᠷᠥᠭᠡᠯ ᠳᠡᠪᠰᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠨ᠎ᠠ᠃ ᠤᠷᠠᠨ ᠪᠢᠴᠢᠯᠭᠡ ᠳᠤ ᠪᠠᠭ᠋ᠠᠲᠠᠶ | ᠬᠥᠮᠦᠰ ᠪᠢᠷ ᠪᠡᠭᠡ ᠰᠠᠴᠤᠵᠤ᠂ ᠣᠷᠴᠢᠨ ᠲᠣᠭᠤᠷᠢᠨ ᠤ ᠴᠡᠪᠡᠷᠯᠡᠭᠴᠢ ᠪᠣᠯᠤᠨ ᠴᠡᠷᠢᠭ ᠠᠴᠠ ᠬᠠᠯᠠᠭᠳᠠᠭᠰᠠᠳ ᠲᠤ | ᠬᠢᠴᠢᠶᠡᠩᠭᠦᠶ ᠪᠢᠴᠢᠯᠭᠡ᠂ ᠬᠠᠪᠲᠠᠭᠠᠶ ᠪᠢᠴᠢᠯᠭᠡ᠂ ᠲᠠᠲᠠᠯᠭᠠᠨ ᠪᠢᠴᠢᠯᠭᠡ ᠪᠠᠷ ᠴᠠᠭᠠᠨ ᠰᠠᠷ᠎ᠠ ᠶᠢᠨ ᠬᠤᠣᠰ ᠤᠶᠠᠩᠭ᠎ᠠ | ᠪᠢᠴᠢᠵᠦ ᠬᠦᠷᠭᠡᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯᠤᠨ ᠴᠡᠷᠢᠭ ᠠᠴᠠ ᠬᠠᠯᠠᠭᠳᠠᠭᠰᠠᠳ | ᠥᠪᠡᠷ ᠤᠨ ᠰᠡᠳᠬᠢᠯ ᠤᠨ ᠬᠤᠣᠰ ᠤᠶᠠᠩᠭ᠎ᠠ ᠪᠠᠨ ᠰᠣᠩᠭᠤᠨ᠎ᠠ᠃ ᠠᠭᠤᠷ ᠠᠮᠢᠰᠭᠤᠯ ᠬᠡᠳᠦ᠋ᠪᠡᠷ ᠬᠦᠢᠲᠡᠨ ᠪᠣᠯᠪᠠᠴᠤ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠠᠷᠢᠨ ᠬᠠᠯᠠᠭᠤᠨ ᠳᠤᠯᠠᠭᠠᠨ ᠪᠠᠶᠢᠯ᠎ᠠ᠃ | ᠣᠷᠴᠢᠨ ᠲᠣᠭᠤᠷᠢᠨ ᠤ ᠴᠡᠪᠡᠷᠯᠡᠭᠴᠢ ᠨᠠᠷ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠬᠠᠶᠢᠷ᠎ᠠ ᠬᠠᠯᠠᠮᠵᠢᠯᠠᠯ ᠢ | ᠮᠡᠳᠡᠷᠡᠵᠦ᠂ ᠰᠢᠨ᠎ᠡ ᠨᠢᠭᠡ ᠵᠢᠯ ᠳᠤ ᠥᠩᠭᠡᠷᠡᠭᠰᠡᠨ ᠲᠠᠢ ᠪᠠᠨ ᠠᠳᠠᠯᠢ ᠪᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯ ᠢ ᠰᠠᠶᠢᠲᠤᠷ ᠬᠢᠵᠦ᠂ ᠬᠤᠲᠠ ᠶᠢᠨ ᠣᠷᠴᠢᠨ ᠲᠣᠭᠤᠷᠢᠨ ᠢ ᠤᠯᠠᠮ ᠠᠴᠠ ᠤᠯᠠᠮ ᠰᠠᠶᠢᠨ ᠰᠠᠶᠢᠬᠠᠨ ᠪᠣᠯᠭᠠᠵᠤ᠂ | ᠤᠯᠠᠮ ᠠᠴᠠ ᠤᠯᠠᠮ ᠠᠷᠢᠭᠤᠨ ᠴᠡᠪᠡᠷ ᠪᠣᠯᠭᠠᠨ᠎ᠠ ᠭᠡᠵᠦ ᠢᠯᠡᠳᠬᠡᠵᠡᠭᠡᠪᠡ᠃ |