【 ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠬᠦ 】 ᠬᠤᠣᠰ ᠤᠶᠠᠩᠭ᠎ᠠ ᠪᠢᠴᠢᠵᠦ ᠣᠷᠴᠢᠨ ᠲᠣᠭᠤᠷᠢᠨ  ᠤ ᠴᠡᠪᠡᠷᠯᠡᠭᠴᠢ ᠳᠤ ᠬᠦᠷᠭᠡᠪᠡ
ᠨᠡᠶᠢᠲᠡᠯᠡᠭᠰᠡᠨ ᠴᠠᠭ᠄
2024/1/30
  1 ᠰᠠᠷ᠎ᠠ ᠶᠢᠨ 24 ᠤ ᠡᠳᠦᠷ᠂ ᠬᠤᠳᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ︽ᠰᠡᠳᠬᠢᠯ ᠨᠢᠭᠡᠳᠦᠨ ᠬᠠᠮᠲᠤ ᠪᠠᠷ ᠤᠷᠤᠭᠰᠢᠯᠠᠶ᠎ᠠ︾ ᠭᠡᠬᠦ ᠬᠤᠣᠰ ᠤᠶᠠᠩᠭ᠎ᠠ ᠪᠢᠴᠢᠵᠦ ᠢᠷᠥᠭᠡᠯ ᠳᠡᠪᠰᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠨ᠎ᠠ᠃ ᠤᠷᠠᠨ ᠪᠢᠴᠢᠯᠭᠡ ᠳᠤ ᠪᠠᠭ᠋ᠠᠲᠠᠶ ᠬᠥᠮᠦᠰ ᠪᠢᠷ ᠪᠡᠭᠡ ᠰᠠᠴᠤᠵᠤ᠂ ᠣᠷᠴᠢᠨ ᠲᠣᠭᠤᠷᠢᠨ ᠤ ᠴᠡᠪᠡᠷᠯᠡᠭᠴᠢ ᠪᠣᠯᠤᠨ ᠴᠡᠷᠢᠭ ᠠᠴᠠ ᠬᠠᠯᠠᠭᠳᠠᠭᠰᠠᠳ ᠲᠤ  ᠬᠢᠴᠢᠶᠡᠩᠭᠦᠶ ᠪᠢᠴᠢᠯᠭᠡ᠂ ᠬᠠᠪᠲᠠᠭᠠᠶ ᠪᠢᠴᠢᠯᠭᠡ᠂ ᠲᠠᠲᠠᠯᠭᠠᠨ ᠪᠢᠴᠢᠯᠭᠡ ᠪᠠᠷ ᠴᠠᠭᠠᠨ ᠰᠠᠷ᠎ᠠ ᠶᠢᠨ ᠬᠤᠣᠰ ᠤᠶᠠᠩᠭ᠎ᠠ ᠪᠢᠴᠢᠵᠦ ᠬᠦᠷᠭᠡᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯᠤᠨ ᠴᠡᠷᠢᠭ ᠠᠴᠠ ᠬᠠᠯᠠᠭᠳᠠᠭᠰᠠᠳ ᠥᠪᠡᠷ ᠤᠨ ᠰᠡᠳᠬᠢᠯ ᠤᠨ ᠬᠤᠣᠰ ᠤᠶᠠᠩᠭ᠎ᠠ ᠪᠠᠨ ᠰᠣᠩᠭᠤᠨ᠎ᠠ᠃ ᠠᠭᠤᠷ ᠠᠮᠢᠰᠭᠤᠯ ᠬᠡᠳᠦ᠋ᠪᠡᠷ ᠬᠦᠢᠲᠡᠨ ᠪᠣᠯᠪᠠᠴᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠠᠷᠢᠨ ᠬᠠᠯᠠᠭᠤᠨ ᠳᠤᠯᠠᠭᠠᠨ ᠪᠠᠶᠢᠯ᠎ᠠ᠃    ᠣᠷᠴᠢᠨ ᠲᠣᠭᠤᠷᠢᠨ ᠤ ᠴᠡᠪᠡᠷᠯᠡᠭᠴᠢ ᠨᠠᠷ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠬᠠᠶᠢᠷ᠎ᠠ ᠬᠠᠯᠠᠮᠵᠢᠯᠠᠯ ᠢ ᠮᠡᠳᠡᠷᠡᠵᠦ᠂ ᠰᠢᠨ᠎ᠡ ᠨᠢᠭᠡ ᠵᠢᠯ ᠳᠤ ᠥᠩᠭᠡᠷᠡᠭᠰᠡᠨ ᠲᠠᠢ ᠪᠠᠨ ᠠᠳᠠᠯᠢ ᠪᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠰᠠᠶᠢᠲᠤᠷ ᠬᠢᠵᠦ᠂ ᠬᠤᠲᠠ ᠶᠢᠨ ᠣᠷᠴᠢᠨ ᠲᠣᠭᠤᠷᠢᠨ ᠢ ᠤᠯᠠᠮ ᠠᠴᠠ ᠤᠯᠠᠮ ᠰᠠᠶᠢᠨ ᠰᠠᠶᠢᠬᠠᠨ ᠪᠣᠯᠭᠠᠵᠤ᠂ ᠤᠯᠠᠮ ᠠᠴᠠ ᠤᠯᠠᠮ ᠠᠷᠢᠭᠤᠨ ᠴᠡᠪᠡᠷ ᠪᠣᠯᠭᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号