2023 ᠣᠨ ᠳᠤ ᠡᠷᠢᠶᠡᠨ ᠪᠣᠭᠤᠮᠲᠠ ᠶᠢᠨ ᠴᠠᠭᠠᠰᠤᠨ ᠡᠭᠡᠳᠡᠩ ᠤᠨ ᠭᠠᠳᠠᠭᠠᠳᠤ ᠣᠷᠣᠭᠤᠯᠤᠯᠲᠠ ᠥᠳᠳᠡᠷ ᠨᠡᠮᠡᠭᠳᠡᠪᠡ
ᠨᠡᠶᠢᠲᠡᠯᠡᠭᠰᠡᠨ ᠴᠠᠭ᠄
2024/1/30
  【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】
  ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2023 ᠣᠨ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠴᠠᠭᠠᠰᠤᠨ ᠡᠭᠡᠳᠡᠩ 54.7 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.8 ᠳᠠᠬᠢᠨ ᠨᠡᠮᠡᠭᠳᠡᠪᠡ︔ ᠥᠷᠲᠡᠭ ᠨᠢ 25.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5 ᠳᠠᠬᠢᠨ ᠨᠡᠮᠡᠭᠳᠡᠪᠡ᠃    ᠮᠠᠨ ᠤ ᠤᠯᠤᠰ ᠪᠣᠯ ᠳᠡᠯᠡᠬᠡᠶ ᠳᠡᠭᠡᠷᠡᠬᠢ ᠬᠠᠮᠤᠭ ᠤᠨ ᠲᠣᠮᠣ ᠴᠠᠭᠠᠰᠤᠨ ᠡᠭᠡᠳᠡᠩ ᠪᠠ ᠴᠠᠭᠠᠰᠤᠨ ᠪᠦᠲᠦᠭᠡᠭᠳᠡᠬᠦᠨ ᠦᠢᠯᠡᠳᠪᠦᠷᠢᠯᠡᠬᠦ ᠤᠯᠤᠰ ᠪᠠ ᠬᠡᠷᠡᠭᠯᠡᠭᠡ ᠶᠢᠨ ᠤᠯᠤᠰ ᠪᠣᠯᠤᠨ᠎ᠠ᠂ ᠤᠯᠤᠰ ᠤᠨ ᠳᠣᠲᠣᠭᠠᠳᠤ ᠶᠢᠨ ᠴᠠᠭᠠᠰᠤᠨ ᠡᠭᠡᠳᠡᠩ ᠵᠢᠴᠢ ᠴᠠᠭᠠᠰᠤᠨ ᠪᠦᠲᠦᠭᠡᠭᠳᠡᠬᠦᠨ ᠤ ᠳᠣᠤᠷᠠᠳᠤ ᠤᠷᠤᠰᠬᠠᠯ ᠤᠨ ᠬᠡᠷᠡᠭᠴᠡᠭᠡ ᠥᠷᠨᠢᠭᠦᠨ ᠬᠥᠭᠵᠢᠩᠭᠦᠢ ᠪᠥᠭᠡᠳ ᠥᠪᠡᠷ ᠤᠨ ᠥᠷᠲᠡᠭ ᠢ ᠦᠭᠡᠷᠡᠴᠢᠯᠡᠬᠦ ᠬᠦᠴᠦᠨ ᠵᠦᠢᠯ ᠪᠠᠶᠢᠵᠤ᠂ ᠴᠠᠭᠠᠰᠤᠨ ᠡᠭᠡᠳᠡᠩ ᠢ ᠭᠠᠳᠠᠭᠠᠳᠤ ᠠᠴᠠ ᠣᠷᠣᠭᠤᠯᠬᠤ ᠬᠡᠮᠵᠢᠶ᠎ᠡ ᠶᠡᠭᠡ ᠪᠠᠷ ᠨᠡᠮᠡᠭᠳᠡᠬᠦ ᠶᠢ ᠳᠠᠶᠢᠴᠢᠯᠠᠨ᠎ᠠ᠃ ᠡᠭᠦᠨ ᠠᠴᠠ ᠭᠠᠳᠠᠨ᠎ᠠ᠂ ᠬᠢᠵᠢᠭ ᠤᠨ ᠪᠠᠶᠢᠳᠠᠯ ᠵᠢᠴᠢ ᠥᠪᠥᠷ ᠮᠣᠩᠭᠤᠯ ᠤᠨ ᠲᠡᠮᠦᠷ ᠵᠠᠮ ᠤᠨ ᠲᠡᠭᠡᠭᠡᠪᠦᠷᠢ 2022 ᠣᠨ ᠤ ᠠᠳᠠᠯᠢ ᠬᠤᠭᠤᠴᠠᠭᠠᠨ ᠤ ᠰᠠᠭᠤᠷᠢ ᠲᠤᠭ᠎ᠠ ᠨᠡᠯᠢᠶᠡᠳ ᠳᠣᠤᠷ᠎ᠠ ᠪᠠᠶᠢᠵᠤ᠂ ᠴᠠᠭᠠᠰᠤᠨ ᠡᠭᠡᠳᠡᠩ ᠤᠨ ᠭᠠᠳᠠᠭᠠᠳᠤ ᠠᠴᠠ ᠣᠷᠣᠭᠤᠯᠬᠤ ᠬᠡᠮᠵᠢᠶ᠎ᠡ ᠲᠦᠷᠭᠡᠨ ᠨᠡᠮᠡᠭᠳᠡᠬᠦ ᠶᠢ ᠨᠥᠯᠥᠭᠡᠯᠡᠬᠦ ᠨᠥᠭᠦᠭᠡ ᠨᠢᠭᠡ ᠬᠦᠴᠦᠨ ᠵᠦᠢᠯ ᠪᠣᠯᠤᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号