ᠬᠤᠲᠠ ᠶᠢᠨ ᠤᠳᠤᠷᠢᠳᠤᠯᠭ᠎ᠠ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/1/31
   1 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠠᠩ ᠶᠢᠩ ᠵᠢᠶᠧ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ᠃
  ᠪᠠᠶᠢᠴᠠᠭᠠᠬᠤ ᠳᠤᠭᠤᠶᠢᠯᠠᠩ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠵᠠᠷᠴᠢᠮ ᠢ ᠪᠠᠷᠢᠮᠲᠠᠯᠠᠵᠤ᠂ ᠬᠤᠯᠪᠣᠭᠳᠠᠯ ᠪᠦᠬᠦᠢ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠲᠥᠬᠦᠭᠡᠷᠦᠮᠵᠢ᠂ ᠲᠠᠷᠬᠠᠭᠠᠬᠤ ᠵᠠᠮ᠂ ᠭᠠᠯ ᠬᠡᠷᠡᠭᠯᠡᠬᠦ ᠴᠠᠬᠢᠯᠭᠠᠨ᠂ ᠵᠢᠵᠢᠭᠦᠷᠯᠡᠨ ᠰᠠᠬᠢᠬᠤ ᠵᠡᠷᠭᠡ ᠪᠠᠶᠢᠳᠠᠯ ᠳᠤ ᠭᠤᠣᠯᠳᠠᠯᠭ᠎ᠠ ᠲᠠᠢ ᠴᠢᠭᠯᠡᠭᠦᠯᠦᠨ ᠵᠢᠭᠰᠠᠭᠠᠨ ᠪᠠᠶᠢᠴᠠᠭᠠᠵᠤ᠂ ᠢᠯᠡᠷᠡᠭᠦᠯᠦᠭᠰᠡᠨ ᠭᠡᠮ ᠰᠣᠭᠤᠭ ᠢ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠨ ᠤ ᠬᠠᠮᠲᠤ ᠡᠯ᠎ᠡ ᠲᠦᠷᠦᠯ ᠤᠨ ᠭᠡᠨᠡᠳᠲᠡ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号