ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ︵ᠬᠤᠳᠠᠯᠳᠤᠭᠠᠨ ᠤ ᠲᠣᠭᠤᠷᠢᠭ︶︾ ᠢ ᠡᠭᠦᠳᠦᠨ ᠪᠠᠶᠢᠭᠤᠯᠬᠤ ᠠᠵᠢᠯ ᠢ ᠦᠷᠨᠢᠬᠦᠯᠪᠡ
ᠨᠡᠶᠢᠲᠡᠯᠡᠭᠰᠡᠨ ᠴᠠᠭ᠄
2024/1/5
      ᠮᠠᠨ ᠤ ᠬᠤᠲᠠ ᠶᠢᠨ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ︵ᠬᠤᠳᠠᠯᠳᠤᠭᠠᠨ ᠤ ᠲᠣᠭᠤᠷᠢᠭ︶ ᠢ ᠪᠠᠶᠢᠭᠤᠯᠬᠤ ᠠᠵᠢᠯ ᠢ  ᠠᠬᠢᠭᠤᠯᠬᠤ ᠶᠢᠨ ᠲᠥᠯᠥᠭᠡ᠂ 12 ᠰᠠᠷ᠎ᠠ ᠶᠢᠨ 27 ᠤ ᠡᠳᠦᠷ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ  ᠮᠠᠨ ᠤ ᠬᠤᠲᠠ ᠶᠢᠨ ᠬᠡᠰᠡᠭ ︽ᠢᠳᠡᠭᠡᠨ ᠤ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠳᠡᠯᠭᠡᠭᠦᠷ︾ ᠢ ᠪᠠᠶᠢᠴᠠᠭᠠᠨ ᠵᠢᠯᠣᠭᠤᠳᠪᠠ᠃         ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠡᠵᠡᠩᠨᠡᠯᠲᠡ ᠶᠢᠨ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠪᠠᠶᠢᠳᠠᠯ ᠵᠢᠴᠢ ᠠᠵᠢᠯᠴᠢᠳ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠤᠭᠰᠠᠨ ᠡᠰᠡᠬᠦ᠂ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ ᠤᠨ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠴᠢᠨᠠᠷ ᠢ ᠪᠠᠲᠤᠯᠠᠬᠤ ᠬᠤᠭᠤᠴᠠᠭ᠎ᠠ   ᠠᠴᠠ ᠬᠡᠲᠦᠷᠡᠭᠰᠡᠨ  ᠡᠰᠡᠬᠦ᠂ ︽ᠭᠤᠷᠪᠠ ᠦᠭᠡᠢ︾ ᠢᠳᠡᠭᠡᠨ ᠢ ᠡᠵᠡᠩᠨᠡᠭᠰᠡᠨ ᠡᠰᠡᠬᠦ   ᠶᠢ ᠭᠤᠣᠯᠳᠠᠯᠭ᠎ᠠ ᠲᠠᠢ  ᠪᠠᠶᠢᠴᠠᠭᠠᠠᠠᠰᠡᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢ  ᠱᠠᠭᠠᠷᠳᠠᠵᠠᠢ᠃ ᠪᠠᠶᠢᠴᠠᠭᠠᠬᠤ ᠳᠤᠭᠤᠶᠢᠯᠠᠩ ᠨᠢ ᠪᠠᠶᠢᠴᠠᠭᠠᠬᠤ ᠶᠢᠨ ᠳᠠᠭᠠᠤ ᠤᠬᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠵᠡᠩᠨᠡᠯᠲᠡ ᠶᠢᠨ ᠡᠷᠦᠬᠡ ᠶᠢᠨ ︽ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠳᠡᠯᠭᠡᠭᠦᠷ︾ ᠢ ᠡᠭᠦᠳᠦᠨ ᠪᠠᠶᠢᠭᠤᠯᠬᠤ  ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠲᠠᠲᠠᠬᠤ ᠬᠦᠴᠦᠨ ᠪᠠ ᠠᠮᠢᠵᠢᠷᠠᠯ ᠤᠨ ᠬᠦᠴᠦᠨ ᠢ  ᠴᠢᠩᠭᠠᠳᠬᠠᠵᠠᠢ  ᠃          ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠬᠤᠲᠠ ᠳᠤ ᠨᠡᠶᠢᠲᠡ ᠳᠥᠷᠪᠡᠨ  ᠵᠤᠷᠪᠤᠰ ︽ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠭᠡᠯᠢ ᠲᠣᠭᠤᠷᠢᠭ ︵ᠬᠤᠳᠠᠯᠳᠤᠭᠠᠨ ᠤ ᠲᠣᠭᠤᠷᠢᠭ︶︾᠂ 35 ︽ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠳᠡᠯᠭᠡᠭᠦᠷ︾ ᠲᠠᠢ ᠪᠠᠶᠢᠵᠤ᠂ ᠲᠦᠷᠭᠡᠨ ᠬᠤᠭᠤᠯᠠ᠂ ᠡᠮ ᠤᠨ ᠳᠡᠯᠭᠡᠭᠦᠷ᠂ ᠭᠠᠳᠠᠭᠠᠳᠤ   ᠠᠴᠠ ᠣᠷᠣᠭᠤᠯᠬᠤ ᠲᠠᠸᠠᠷ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠠᠵᠢᠯ ᠲᠥᠷᠥᠯ ᠳᠤ  ᠬᠤᠯᠪᠤᠠᠠᠳᠠᠵᠦ ᠪᠠᠶᠢᠨ᠎ᠠ᠃           ᠪᠦᠦ ᠳ᠋ᠣᠣ  ᠭᠠᠳᠠᠭᠠᠳᠤ  ᠠᠴᠠ  ᠤᠷᠤᠭᠤᠯᠬᠤ  ᠴᠢᠯᠦᠭᠡᠳᠦ ᠳᠡᠯᠭᠡᠭᠦᠷ ᠤᠨ ᠦᠢᠯᠡᠴᠢᠯᠡᠭᠴᠢ ᠯᠢ ᠬᠤᠩ ᠰᠢᠶᠠ  ᠄       ᠪᠢᠳᠡ ᠰᠠᠨᠠᠭ᠎ᠠ ᠠᠮᠤᠷ ᠵᠢᠱᠢᠶ᠎ᠡ ᠦᠵᠡᠭᠦᠯᠬᠦ ᠳᠡᠯᠭᠡᠭᠦᠷ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠰᠠᠬᠢᠵᠤ᠂ ᠰᠦᠢᠳᠬᠡᠯ ᠬᠤᠷᠢᠶᠠᠯᠲᠠ ᠶᠢ ᠵᠦᠢ ᠵᠣᠬᠢᠰᠲᠠᠢ᠂ ᠦᠢᠯᠡᠴᠢᠯᠡᠭᠡ ᠶᠢ ᠭᠦᠢᠴᠡᠳ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠢ ᠰᠢᠯᠢᠳᠡᠭ᠂ ᠤᠯᠠᠨ ᠳᠤ ᠲᠠᠭᠠᠯᠠᠮᠵᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ ᠥᠭᠭᠦᠨ᠎ᠡ᠃       ᠲᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠠᠨᠠᠭ᠎ᠠ ᠠᠮᠤᠷ ᠬᠡᠷᠡᠭᠯᠡᠭᠡᠨ ᠤ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ  ᠴᠢᠩᠭᠠᠳᠬᠠᠵᠦ᠂ ᠡᠮᠦᠨᠡᠬᠢ ᠬᠤᠭᠤᠴᠠᠭᠠᠨ ᠤ ᠠᠵᠢᠯ ᠤᠨ ᠦᠷ᠎ᠡ ᠪᠦᠲᠦᠭᠡᠯ ᠢᠶᠠᠨ ᠪᠠᠲᠤᠳᠬᠠᠨ᠂ ᠡᠭᠦᠳᠦᠨ ᠪᠠᠶᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠵᠡᠩᠨᠡᠭᠴᠢᠳ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠤᠨ᠂ ᠬᠡᠷᠡᠭᠯᠡᠭᠡᠨ ᠤ ᠡᠷᠬᠡ  ᠶᠢ ᠬᠠᠮᠠᠭᠠᠯᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠬᠡᠷᠡᠭᠯᠡᠭᠡᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ  ᠪᠤᠯᠭᠠᠬᠤ ᠪᠤᠯᠤᠨ᠎ᠠ  ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号