ᠡᠷᠢᠶᠡᠨ ᠲᠡᠮᠦᠷ ᠵᠠᠮ ᠤᠨ ᠪᠣᠭᠤᠮᠲᠠ  ᠪᠠᠷ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠠᠩᠬ᠎ᠠ ᠤᠳᠠᠭ᠎ᠠ 300 ᠲᠦᠮᠡᠨ ᠲᠣᠨ ᠢ  ᠲᠠᠪᠠᠭᠰᠡᠨ
ᠨᠡᠶᠢᠲᠡᠯᠡᠭᠰᠡᠨ ᠴᠠᠭ᠄
2024/1/5
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄     ᠣᠶᠢᠷ᠎ᠠ ᠳᠤ᠂ ᠮᠣᠩᠭᠤᠯ ᠤᠯᠤᠰ ᠤᠨ ᠨᠡᠭᠦᠷᠡᠰᠦ ᠶᠢ ᠳᠦᠭᠦᠷᠲᠡᠯ᠎ᠡ ᠠᠴᠢᠠᠠᠰᠡᠨ ᠨᠢᠭᠡ ᠴᠤᠪᠤᠭ᠎ᠠ ᠭᠠᠯᠳᠦ ᠲᠡᠷᠭᠡ ᠡᠷᠢᠶᠡᠨ  ᠲᠡᠮᠦᠷ ᠵᠠᠮ ᠤᠨ ᠪᠣᠭᠤᠮᠲᠠ ᠳᠤ  ᠬᠦᠷᠴᠦ ᠢᠷᠡᠬᠦ ᠶᠢ ᠳᠠᠭᠠᠯᠳᠤᠨ᠂  ᠡᠨᠡ ᠵᠢᠯ ᠤᠨ ᠡᠷᠢᠶᠡᠨ ᠤ ᠲᠡᠮᠦᠷ ᠵᠠᠮ ᠤᠨ ᠪᠣᠭᠤᠮᠲᠠ ᠪᠠᠷ  ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠠᠩᠬ᠎ᠠ ᠤᠳᠠᠭ᠎ᠠ 300 ᠲᠦᠮᠡᠨ ᠲᠣᠨ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠢ ᠬᠠᠷᠠᠭᠤᠯᠵᠤ ᠪᠠᠶᠢᠨ᠎ᠠ᠃ ᠲᠠᠶᠢᠯᠪᠦᠷᠢ᠄      ᠡᠨᠡ ᠵᠢᠯ ᠠᠴᠠ ᠨᠠᠭᠠᠰᠢ᠂ ᠡᠷᠢᠶᠡᠨ  ᠬᠢᠯᠢ ᠶᠢᠨ ᠪᠣᠭᠤᠮᠲᠠ ᠶᠢᠨ ᠬᠢᠨ ᠪᠣᠭᠤᠮᠲᠠ ᠶᠢᠨ ᠲᠤᠬᠠᠢ ᠶᠢᠨ ᠲᠠᠯᠠᠪᠤᠷ ᠲᠤ ᠣᠯᠠᠨᠲᠠ ᠬᠦᠷᠴᠦ᠂ ᠭᠠᠳᠠᠭᠠᠳᠤ   ᠠᠴᠠ ᠣᠷᠣᠭᠤᠯᠬᠤ ᠠᠵᠤ ᠠᠬᠤᠶᠢᠯᠠᠯ  ᠳᠤ ᠪᠠᠶᠢᠴᠠᠭᠠᠨ ᠰᠤᠳᠤᠯᠤᠯᠲᠠ ᠬᠢᠵᠦ᠂ ᠪᠣᠭᠤᠮᠲᠠ ᠶᠢᠨ ᠠᠵᠤ ᠠᠬᠤᠶᠢᠯᠠᠯ ᠤᠨ  ᠰᠠᠭᠤᠳᠠᠯ ᠤᠨ ᠬᠤᠷᠠᠯ  ᠬᠤᠷᠠᠯᠳᠤᠵᠦ᠂ ᠴᠤᠭᠯᠠᠭᠤᠯᠵᠤ ᠣᠯᠣᠭᠰᠠᠨ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠳᠤ ᠬᠦᠴᠢᠷᠲᠡᠢ ᠪᠠᠶᠢᠬᠤ ᠵᠢᠴᠢ ᠰᠠᠨᠠᠯ ᠰᠠᠨᠠᠭᠤᠯᠭ᠎ᠠ ᠳᠤ ᠴᠢᠭᠯᠡᠭᠦᠯᠦᠨ᠂ ᠰᠢᠷᠢᠰ ᠠᠷᠭ᠎ᠠ ᠬᠡᠮᠵᠢᠶ᠎ᠡ ᠠᠪᠴᠤ ᠪᠠᠶᠢᠭᠠᠳ ᠨᠡᠭᠦᠷᠡᠰᠦ ᠶᠢ ᠭᠠᠳᠠᠭᠠᠳᠤ   ᠠᠴᠠ ᠣᠷᠣᠭᠤᠯᠬᠤ ᠰᠠᠭᠠᠳ ᠦᠭᠡᠢ ᠵᠠᠮ ᠢ  ᠨᠡᠪᠲᠡᠷᠡᠭᠦᠯᠦᠭᠰᠡᠨ ᠪᠠᠶᠢᠨ᠎ᠠ᠃ ᠡᠳᠡᠭᠡᠷ ᠠᠷᠭ᠎ᠠ ᠬᠡᠮᠵᠢᠶ᠎ᠡ ᠳᠤ᠄ 7×24 ᠴᠠᠭ ᠤᠨ  ᠵᠢᠵᠢᠭᠦᠷᠯᠡᠬᠦ  ᠲᠤᠠᠠᠳᠠᠴᠠ᠂ ᠤᠷᠢᠳᠴᠢᠯᠠᠨ ᠪᠣᠯᠵᠣᠬᠤ ᠦᠢᠯᠡᠴᠢᠯᠡᠭᠡ ᠶᠢ ᠰᠦᠯᠵᠢᠶᠡᠨ ᠳᠡᠭᠡᠷ᠎ᠡ ᠴᠠᠭ ᠲᠤᠬᠠᠢ ᠳᠤᠨᠢ  ᠵᠤᠯᠭᠠᠭᠤᠯᠬᠤ᠂ ᠭᠠᠳᠠᠭᠠᠳᠤ   ᠠᠴᠠ ᠣᠷᠣᠭᠤᠯᠬᠤ ᠨᠡᠭᠦᠷᠡᠰᠦᠨ ᠤ ︽ᠲᠥᠪᠯᠡᠷᠡᠭᠦᠯᠦᠨ ᠮᠡᠳᠡᠭᠦᠯᠬᠦ  ᠪᠤᠯᠤᠨ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ  ᠬᠤᠯᠪᠤᠭᠠᠯᠬᠠᠰᠡᠨ ᠪᠢᠯᠧᠲ︾ ᠢ ᠨᠢᠭᠡ ᠬᠠᠭᠤᠳᠠᠰᠤ ᠪᠠᠷ ᠠᠵᠢᠯᠯᠠᠭᠤᠯᠬᠤ ᠂ ᠭᠠᠳᠠᠭᠠᠳᠤ   ᠠᠴᠠ ᠣᠷᠣᠭᠤᠯᠬᠤ ᠨᠡᠭᠦᠷᠡᠰᠦᠨ ᠤ  ᠰᠠᠩ ᠬᠦᠮᠦᠷᠭᠡ ᠶᠢᠨ ᠪᠠᠷᠢᠮᠳᠡ ᠶᠢ ᠨᠤᠲᠠᠯᠠᠬᠤ ᠂ ᠨᠡᠶᠢᠯᠡᠭᠦᠯᠬᠦ᠂ ᠲᠠᠯᠪᠢᠵᠤ ᠶᠠᠪᠤᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠤᠷᠳᠤᠴᠠ ᠶᠢ ᠲᠦᠷᠭᠡᠳᠬᠡᠵᠦ᠂ ᠪᠣᠭᠤᠮᠲᠠ ᠪᠠᠷ ᠥᠩᠭᠡᠷᠡᠬᠦ ᠴᠠᠭ ᠢ ᠪᠠᠷᠤᠭ 1 ᠡᠳᠦᠷ  ᠠᠷᠪᠢᠯᠠᠬᠤ ᠪᠤᠯᠤᠨ᠎ᠠ᠃  ᠭᠠᠳᠠᠭᠠᠳᠤ   ᠠᠴᠠ ᠣᠷᠣᠭᠤᠯᠤᠭᠰᠠᠨ ᠨᠡᠭᠦᠷᠡᠰᠦᠨ ᠤ    ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ  ᠴᠢᠩᠭᠠᠳᠬᠠᠵᠤ᠂ ᠠᠵᠤ ᠠᠬᠤᠶᠢᠯᠠᠯ ᠤᠨ  ᠰᠢᠯᠭᠠᠨ ᠪᠠᠶᠢᠴᠠᠭᠠᠬᠤ ᠠᠷᠭ᠎ᠠ  ᠬᠡᠮᠵᠢᠶᠡᠨ ᠤ ᠥᠭᠡᠷᠡᠴᠢᠯᠡᠯᠲᠡ ᠶᠢᠨ ᠠᠰᠢᠭ ᠭᠥᠷᠳᠡᠬᠦ ᠶᠢ ᠵᠣᠷᠢᠭᠵᠢᠭᠤᠯᠤᠨ᠂  ᠨᠡᠭᠦᠷᠡᠰᠦᠨ ᠤ ᠭᠠᠳᠠᠭᠠᠳᠤ   ᠠᠴᠠ ᠣᠷᠣᠭᠤᠯᠬᠤ ᠬᠠᠩᠭᠠᠯᠭ᠎ᠠ ᠶᠢᠨ ᠬᠡᠯᠬᠢᠶ᠎ᠡ ᠶᠢᠨ  ᠲᠤᠠᠠᠳᠠᠭᠤᠨ ᠢᠶᠠᠷ ᠨᠡᠪᠳᠡᠷᠡᠬᠦ ᠶᠢ ᠪᠠᠳᠤᠯᠠᠵᠠᠢ᠃    ᠤᠳᠤᠬᠠᠨ ᠪᠣᠯᠲᠠᠯ᠎ᠠ᠂ ᠡᠷᠢᠶᠡᠨ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ   ᠠᠴᠠ ᠣᠷᠣᠭᠤᠯᠤᠭᠰᠠᠨ ᠨᠡᠭᠦᠷᠡᠰᠦ 1007 ᠪᠦᠯᠦᠭ᠂ 5.02 ᠲᠦᠮᠡᠨ ᠲᠡᠷᠭᠡ᠂ ᠨᠡᠶᠢᠲᠡ 300.92 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37% ᠪᠠᠷ ᠨᠡᠮᠡᠭᠳᠡᠵᠡᠢ᠃    ᠣᠶᠢᠯᠠᠭᠠᠭᠰᠠᠨ ᠢᠶᠠᠷ᠂ ᠣᠳᠣᠬᠠᠨ ᠳᠤ ᠡᠷᠢᠶᠡᠨ ᠲᠡᠮᠦᠷ ᠵᠠᠮ ᠤᠨ ᠪᠣᠭᠤᠮᠲᠠ ᠪᠠᠷ ᠳᠡᠮᠵᠢᠨ ᠭᠠᠳᠠᠭᠠᠳᠤ   ᠠᠴᠠ ᠣᠷᠣᠭᠤᠯᠤᠭᠰᠠᠨ ᠨᠡᠭᠦᠷᠡᠰᠦ ᠶᠢ ᠭᠤᠣᠯᠳᠠᠭᠤ ᠮᠠᠨ ᠤ ᠬᠤᠲᠠ ᠶᠢᠨ ᠢᠯᠴᠢ ᠶᠢᠨ ᠬᠦᠴᠦᠨ ᠤ ᠺᠣᠮᠫᠠᠨᠢ ᠶᠢᠨ ᠲᠣᠰ ᠭᠠᠵᠠᠷ ᠤᠨ ᠳᠤᠯᠠᠭᠠᠯᠭ᠎ᠠ  ᠳᠤ ᠬᠡᠷᠡᠭᠯᠡᠵᠦ᠂ ᠨᠢᠭᠡ ᠬᠡᠰᠡᠭ ᠢ ᠨᠢ ᠾᠧᠪᠧᠢ ᠮᠤᠵᠢ᠂ ᠯᠢᠶᠣᠤᠨᠢᠩ ᠮᠤᠵᠢ ᠵᠢᠴᠢ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠶᠢᠨ ᠴᠠᠬᠢᠯᠭᠠᠨ ᠬᠠᠩᠭᠠᠯᠭ᠎ᠠ ᠶᠢᠨ ᠠᠵᠤ ᠠᠬᠤᠶᠢᠯᠠᠯ ᠳᠤ  ᠬᠡᠷᠡᠭᠯᠡᠵᠦ  ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号