ᠰᠠᠶᠢᠬᠤᠰᠤ ᠨᠢᠰᠬᠡᠯ ᠤᠨ ᠪᠠᠭᠤᠳᠠᠯ 2023 ᠣᠨ ᠤ ᠠᠭᠠᠷ ᠤᠨ ᠠᠶᠠᠯᠠᠯ ᠤᠨ ᠲᠡᠭᠡᠭᠡᠪᠦᠷᠢ  ᠪᠠᠨ ᠠᠮᠵᠢᠯᠲᠠ ᠲᠠᠢ  ᠪᠡᠶᠡᠯᠡᠭᠦᠯᠦᠭᠰᠡᠨ
ᠨᠡᠶᠢᠲᠡᠯᠡᠭᠰᠡᠨ ᠴᠠᠭ᠄
2024/1/5
ᠤᠷᠴᠢᠭᠤᠯᠤᠠᠠᠴᠢ᠄  ᠪᠦᠷᠢᠩᠭᠤᠸ᠎ᠠ ᠤᠳᠤᠷᠢᠳᠬᠠᠯ᠄       ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠰᠠᠶᠢᠬᠤᠰᠤ  ᠨᠢᠰᠬᠡᠯ ᠤᠨ ᠪᠠᠭᠤᠳᠠᠯ ᠤᠨ 2023 ᠣᠨ  ᠤ ᠠᠶᠠᠨᠴᠢᠳ ᠤᠨ  ᠲᠤᠭ᠎ᠠ 227323 ᠬᠥᠮᠥᠨ ᠤᠳᠠᠭ᠎ᠠ ᠳᠤ ᠬᠦᠷᠴᠦ᠂  ᠰᠢᠤᠳᠠᠨ  ᠭᠤᠪᠢᠭᠤᠯᠭ᠎ᠠ ᠶᠢᠨ ᠬᠡᠮᠵᠢᠶ᠎ᠡ 60.2  ᠲᠤᠨ ᠳᠤ ᠬᠦᠷᠴᠡᠢ᠃  ᠲᠠᠶᠢᠯᠪᠦᠷᠢ᠄        2023 ᠣᠨ ᠠᠴᠠ ᠨᠠᠭᠠᠰᠢ᠂ ᠰᠠᠶᠢᠬᠤᠰᠤ  ᠨᠢᠰᠬᠡᠯ ᠤᠨ ᠪᠠᠭᠤᠳᠠᠯ ᠥᠪᠡᠷᠲᠡᠭᠡᠨ ᠵᠠᠰᠠᠬᠤ ᠣᠷᠣᠨ ᠤ ︽ᠰᠠᠯᠪᠤᠷᠢ ᠵᠠᠮ ᠨᠡᠪᠲᠡᠷᠡᠯᠭᠡ︾ ᠶᠢᠨ ᠠᠭᠠᠷ ᠤᠨ ᠠᠶᠠᠯᠠᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠳᠤ  ᠣᠷᠣᠯᠴᠠᠬᠤ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠪᠡᠭᠡᠵᠢᠩ᠂ ᠬᠥᠬᠡᠬᠤᠲᠠ᠂ ᠰᠢᠯᠢᠩᠬᠤᠲᠠ ᠶᠢᠨ ︽ᠬᠤᠶᠠᠷ  ᠲᠦᠪ ᠨᠢᠭᠡ  ᠨᠠᠶᠢᠰᠯᠡᠯ︾ ᠤᠨ ᠠᠶᠠᠯᠠᠯ ᠤᠨ ᠱᠤᠭᠤᠮ ᠢ ᠪᠠᠲᠤᠯᠠᠭᠰᠠᠨ ᠰᠠᠭᠤᠷᠢᠨ ᠳᠡᠭᠡᠷ᠎ᠡ᠂ ᠤᠯᠤᠰ ᠤᠨ ᠳᠣᠲᠣᠭᠠᠳᠤ ᠶᠢᠨ ᠠᠭᠠᠷ  ᠠᠶᠠᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠤᠷᠢᠳ ᠬᠤᠵᠢᠳ ᠪᠤᠭᠤᠲᠤ᠂ ᠲᠦᠩᠯᠢᠶᠣᠣ᠂ ᠮᠠᠨᠵᠤᠤᠷ ᠵᠡᠷᠭᠡ ᠤᠯᠠᠨ ᠵᠤᠷᠪᠤᠰ ᠰᠠᠯᠪᠤᠷᠢ ᠵᠠᠮ ᠨᠡᠪᠲᠡᠷᠡᠯᠭᠡ  ᠶᠢᠨ ᠠᠭᠠᠷ  ᠠᠶᠠᠯᠠᠯ ᠤᠨ ᠱᠤᠭᠤᠮ ᠵᠢᠴᠢ ᠴᠧᠩᠳᠦ᠋  ᠂ ᠢᠷᠭᠠᠢ ᠵᠡᠷᠭᠡ ᠵᠤᠭᠠᠴᠠᠯ ᠤᠨ ᠠᠭᠠᠷ ᠠᠶᠠᠯᠠᠯ ᠤᠨ ᠱᠤᠭᠤᠮ ᠢ ᠨᠠᠪᠲᠠᠷᠡᠭᠦᠯᠵᠦ᠂ ᠪᠡᠭᠡᠵᠢᠩ  ᠲᠢᠶᠠᠨᠵᠢᠨ᠂ ᠴᠧᠩᠳᠦ᠋ ᠴᠦᠩᠴᠢᠩ᠂ ᠬᠥᠬᠡᠬᠤᠲᠠ ᠪᠤᠭᠤᠲᠤ ᠵᠡᠷᠭᠡ ᠭᠠᠵᠠᠷ ᠲᠤ ᠨᠠᠪᠲᠠᠷᠡᠭᠦᠯᠵᠦ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠤᠯᠤᠰ᠂ ᠪᠦᠬᠦ ᠣᠷᠣᠨ ᠤ ᠭᠤᠣᠯᠯᠠᠭᠴᠢ ᠠᠵᠤ ᠠᠬᠤᠢ ᠶᠢᠨ ᠲᠣᠭᠤᠷᠢᠭ ᠲᠤ ᠠᠭᠤᠰᠤᠯᠴᠠᠭᠤᠯᠬᠤ ᠳᠤ ᠬᠦᠴᠦᠲᠡᠢ ᠵᠠᠮ ᠬᠠᠷᠢᠯᠴᠠᠭᠠᠨ ᠤ ᠲᠤᠯᠭᠠᠭᠤᠷᠢᠯᠠᠯ ᠬᠠᠩᠭᠠᠵᠠᠢ᠃           ᠵᠣᠨ ᠤ ᠤᠯᠠᠷᠢᠯ ᠤᠨ ᠠᠭᠠᠷ  ᠠᠶᠠᠯᠠᠯ ᠤᠨ ᠬᠤᠭᠤᠴᠠᠭᠠᠨ ᠳᠤ᠂ ᠰᠠᠶᠢᠬᠤᠰᠤ  ᠨᠢᠰᠬᠡᠯ ᠤᠨ ᠪᠠᠭᠤᠳᠠᠯ ᠡᠭᠡᠯᠵᠢ ᠶᠢᠨ ᠨᠢᠰᠬᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠮᠣᠩᠭᠤᠯ ᠤᠯᠤᠰ ᠤᠨ ᠬᠢᠯᠢ  ᠪᠠᠷ ᠣᠷᠣᠵᠤ ᠢᠷᠡᠬᠦ ᠠᠭᠠᠷ ᠤᠨ ᠠᠶᠠᠯᠠᠯ ᠤᠨ ᠪᠦᠯᠬᠦᠮ᠂ ᠴᠧᠩᠳᠦ᠋ ︱ ᠡᠷᠢᠶᠡᠨ  ᠪᠤᠭᠤᠮᠳᠠ ᠶᠢᠨ ᠬᠢᠯᠢ  ᠪᠠᠷ ᠭᠠᠷᠬᠤ ᠮᠣᠩᠭᠤᠯ ᠤᠯᠤᠰ ᠤᠨ ᠰᠢᠷᠢᠰ ᠪᠦᠯᠬᠦᠮ᠂  ᠪᠡᠭᠡᠵᠢᠩ ︱ ᠡᠷᠢᠶᠡᠨ  ᠪᠤᠭᠤᠮᠳᠠ ᠶᠢᠨ ᠨᠢᠭᠤᠴᠠ ᠶᠢ ᠬᠠᠶᠢᠬᠤ ᠮᠣᠩᠭᠤᠯ ᠤᠯᠤᠰ ᠤᠨ ᠲᠣᠭᠲᠠᠮᠠᠯ ᠬᠤᠭᠤᠴᠠᠭᠠᠲᠤ ᠪᠦᠯᠬᠦᠮ᠂ ᠰᠢᠯᠢᠩᠬᠤᠲᠠ ︱ ᠡᠷᠢᠶᠡᠨ ᠬᠤᠲᠠ ᠨᠢᠰᠬᠡᠯ  ᠤᠨ ᠪᠠᠭᠤᠳᠠᠯ ᠤᠨ ᠬᠠᠷᠠᠭᠠᠯᠵᠠᠯ  ᠤᠨ ᠪᠢᠯᠧᠲ ︾ ᠵᠡᠷᠭᠡ ᠣᠯᠠᠨ ᠵᠦᠢᠯ ᠤᠨ ᠦᠢᠯᠡᠳᠬᠦᠨ ᠭᠠᠷᠭᠠᠵᠤ᠂ ᠠᠶᠠᠨᠴᠢᠳ ᠤᠨ  ᠲᠤᠭ᠎ᠠ ᠶᠢ  ᠨᠡᠮᠡᠭᠳᠡᠭᠦᠯᠵᠠᠢ  ᠃      ᠰᠢᠨ᠎ᠡ ᠨᠢᠭᠡᠨ ᠵᠢᠯ  ᠳᠤ᠂ ᠰᠠᠶᠢᠬᠤᠰᠤ ᠨᠢᠰᠬᠡᠯ ᠤᠨ ᠪᠠᠭᠤᠳᠠᠯ ᠦᠷᠭᠦᠯᠵᠢᠯᠡᠨ  ᠪᠠᠳᠤᠯᠭᠠᠨ ᠤ ᠴᠢᠳᠠᠪᠤᠷᠢ ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠢᠭᠡᠳᠦᠭᠡᠷ ᠲᠦᠷᠦᠯ ᠤᠨ ᠠᠭᠠᠷ ᠠᠶᠠᠯᠠᠯ ᠤᠨ ᠬᠢᠯᠢ ᠶᠢᠨ ᠪᠣᠭᠤᠮᠲᠠ ᠶᠢ ᠰᠢᠯᠭᠠᠨ ᠠᠪᠬᠤ ᠨᠡᠭᠡᠭᠡᠯᠲᠡ ᠶᠢ  ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠤᠯᠤᠰ ᠤᠨ ᠳᠣᠲᠣᠭᠠᠳᠤ  ᠪᠠ ᠤᠯᠠᠨ ᠤᠯᠤᠰ ᠤᠨ ᠠᠭᠠᠷ  ᠠᠶᠠᠯᠠᠯ ᠤᠨ ᠰᠦᠯᠵᠢᠶ᠎ᠡ ᠶᠢ ᠥᠷᠭᠡᠳᠬᠡᠵᠦ᠂ ᠮᠠᠨ ᠤ ᠬᠤᠳᠠ ᠶᠢᠨ ᠬᠢᠯᠢ ᠶᠢᠨ ᠭᠠᠳᠠᠨᠠᠬᠢ ᠤᠯᠤᠰ ᠪᠠ ᠭᠠᠵᠠᠷ ᠣᠷᠣᠨ ᠯᠤᠭ᠎ᠠ ᠶᠢᠨ ᠠᠷᠠᠯᠵᠢᠶ᠎ᠠ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ  ᠂ ᠵᠤᠭᠠᠴᠠᠯ ᠵᠡᠷᠭᠡ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠠᠭᠠᠷ ᠤᠨ ᠠᠶᠠᠯᠠᠯ ᠤᠨ ᠬᠥᠳᠡᠯᠭᠡᠬᠦ ᠬᠦᠴᠦᠨ  ᠬᠠᠩᠭᠠᠬᠤ ᠪᠤᠯᠤᠨ᠎ᠠ  ᠃  
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠳᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号